ᠵᠢᠩᠬᠢᠨᠢ ᠪᠠ ᠬᠠᠭᠤᠷᠮᠠᠭ ᠵᠥᠭᠡᠢ ᠶᠢᠨ ᠪᠠᠯ ᠢ ᠬᠡᠷᠬᠢᠨ ᠢᠯᠭᠠᠬᠤ ᠪᠤᠢ︖  ᠤᠨᠴᠠᠭᠠᠢ ᠭᠦᠢᠬᠡᠨ ᠦᠡᠭᠭᠡ ᠲᠠᠢ ᠵᠦᠬᠡᠢ ᠶᠢᠨ ᠪᠡᠯ ᠢ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2019-07-25
   ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠬᠤᠳᠠᠯᠳᠤᠵᠤ ᠪᠠᠶᠢᠭ᠎ᠠ ᠵᠥᠭᠡᠢ ᠶᠢᠨ ᠪᠠᠯ ᠡᠯᠳᠡᠪ ᠶᠠᠩᠵᠤ ᠶᠢᠨ ᠪᠠᠶᠢᠵᠤ᠂ ᠬᠡᠷᠡᠭᠯᠡᠭᠴᠢᠳ ᠨᠢᠭᠡ ᠯᠡ ᠲᠡᠭᠡᠷ᠎ᠡ ᠦᠨᠡᠨ ᠬᠤᠳᠠᠯ ᠢ ᠨᠢ ᠢᠯᠭᠠᠬᠤ ᠳᠤ ᠬᠦᠴᠢᠷᠳᠡᠵᠦ ᠪᠠᠶᠢᠨ᠎ᠠ᠂ ᠵᠥᠭᠡᠢ ᠲᠡᠵᠢᠭᠡᠳᠡᠭ ᠨᠡᠷᠡᠳᠦ ᠮᠡᠷᠭᠡᠵᠢᠯᠲᠡᠨ ᠯᠦᠸᠧ ᠶᠤᠸᠠᠢ ᠰᠢᠶᠦ᠋ᠩ ᠵᠢᠩᠭᠢᠨᠢ ᠪᠠ ᠬᠠᠭᠤᠷᠮᠠᠬ ᠵᠥᠭᠡᠢ ᠶᠢᠨ ᠪᠠᠯ ᠢ ᠢᠯᠭᠠᠨ ᠲᠠᠨᠢᠬᠤ  ᠲᠤᠬᠠᠢ ᠭᠤᠷᠪᠠᠨ ᠠᠷᠭ᠎ᠠ ᠶᠢ ᠶᠠᠷᠢᠬᠤ ᠳᠠᠭᠠᠨ ︽ᠡᠩ ᠲᠡᠷᠢᠭᠦᠨ ᠳᠤ ᠪᠣᠷᠣᠯᠠᠭᠤᠯᠭ᠎ᠠ ᠶᠢᠨ ᠦᠨ᠎ᠡ ᠶᠢ ᠦᠵᠡᠬᠦ ᠬᠡᠷᠡᠭᠳᠡᠢ᠂ ᠵᠠᠷᠢᠮ ᠬᠡᠳᠦ ᠳᠡᠯᠭᠡᠭᠦᠷ ᠲᠤ 2 ᠵᠢᠩ ᠪᠠᠯ ᠢ 19 ᠲᠥᠭᠦᠷᠢᠭ ᠢᠶᠠᠷ ᠬᠤᠳᠠᠯᠳᠤᠵᠤ ᠪᠤᠢ᠂ ᠡᠶᠢᠮᠦ ᠬᠢᠮᠳᠠ ᠦᠨ᠎ᠡ ᠬᠠᠨᠭ᠍ᠰᠢ ᠨᠢ ᠵᠦᠭᠡᠢ ᠲᠡᠵᠢᠭᠡᠬᠦ ᠥᠪᠡᠷ ᠤᠨ ᠥᠷᠲᠡᠭ ᠠᠴᠠ ᠬᠤᠯᠠ ᠬᠢᠮᠳᠡ ᠪᠤᠯᠪᠠ᠂ ᠡᠶᠢᠮᠦ ᠠᠴᠠ ᠯᠠᠪᠲᠠᠢ ᠠᠰᠠᠭᠤᠳᠠᠯ ᠲᠠᠢ ᠶᠤᠮ︾᠃    ᠳᠠᠷᠠᠭ᠎ᠠ ᠳᠤᠨᠢ ᠵᠥᠭᠡᠢ ᠶᠢᠨ ᠪᠠᠯ ᠤᠨ ᠥᠩᠭᠡ ᠶᠢ ᠦᠵᠡᠬᠦ ᠬᠡᠷᠡᠭᠳᠡᠢ᠂ ᠬᠡᠷᠪᠡ ᠣᠨᠴᠠᠭᠠᠢ ᠭᠦᠢᠬᠡᠨ ᠦᠩᠭᠡ ᠲᠠᠢ ᠪᠤᠶᠤ ᠤᠰᠤ ᠰᠢᠭ᠋ ᠰᠢᠩᠭᠡᠨ ᠬᠠᠷᠠᠬᠳᠠᠪᠠᠯ ᠵᠢᠩᠬᠢᠨᠢ  ᠵᠥᠭᠡᠢ ᠶᠢᠨ ᠪᠠᠯ ᠪᠢᠰᠢ᠂ ᠬᠡᠷᠪᠡ ᠨᠢᠯᠲᠠᠭ ᠤᠨ ᠬᠡᠮᠵᠢᠶ᠎ᠡ ᠨᠢ ᠬᠡᠲᠦᠷᠬᠡᠶ ᠰᠢᠩᠭᠡᠨ ᠪᠣᠯ ᠵᠢᠮᠢᠰ ᠤᠨ ᠡᠭᠡᠳᠡᠩ ᠪᠠᠶᠢᠵᠤ ᠮᠡᠳᠡᠨ᠎ᠡ᠂ ᠬᠠᠷᠢᠨ ᠵᠥᠭᠡᠢ ᠶᠢᠨ ᠪᠠᠯ ᠪᠢᠰᠢ ᠶᠤᠮ᠃            ︽ᠲᠠᠬᠢᠪᠡᠯ ᠮᠠᠲ᠋ᠧᠷᠢᠶᠠᠯ ᠤᠨ ᠨᠠᠶᠢᠷᠠᠯᠭ᠎ᠠ ᠶᠢᠨ ᠬᠦᠰᠦᠨᠦᠭᠳᠦ ᠶᠢ ᠦᠵᠡᠬᠦ ᠬᠡᠷᠡᠭᠲᠡᠶ᠂ ᠬᠡᠷᠪᠡ  ᠪᠣᠷᠣᠯᠠᠭᠤᠯᠵᠤ ᠪᠠᠶᠢᠭ᠎ᠠ ᠵᠦᠬᠡᠢ ᠶᠢᠨ ᠪᠠᠯ ᠤᠨ ᠮᠠᠲ᠋ᠧᠷᠢᠶᠠᠯ ᠤᠨ ᠨᠠᠶᠢᠷᠠᠯᠭ᠎ᠠ ᠶᠢᠨ ᠬᠦᠰᠦᠨᠦᠭᠲᠦ ᠳᠤ ᠪᠤᠰᠤᠳ ᠪᠦᠷᠢᠯᠳᠦᠬᠦᠨ ᠤᠷᠤᠬᠰᠠᠨ ᠪᠠᠶᠢᠪᠠᠯ᠂ ᠰᠢᠬᠢᠷ ᠤᠨ ᠡᠭᠡᠳᠡᠩ ᠬᠤᠯᠢᠭᠰᠠᠨ ᠪᠠᠶᠢᠵᠤ ᠮᠡᠳᠡᠨ᠎ᠡ᠂ ᠡᠨᠡ ᠨᠢ ᠯᠠᠪᠲᠠᠶ ᠠᠰᠠᠭᠤᠳᠠᠯ ᠲᠠᠢ ᠶᠤᠮ᠂ ᠤᠴᠢᠷ ᠨᠢ ᠴᠡᠪᠡᠷ ᠵᠦᠭᠡᠢ ᠶᠢᠨ ᠪᠠᠯ ᠳᠤ ᠶᠠᠮᠠᠷᠴᠤ ᠨᠡᠮᠡᠯᠲᠡ ᠡᠳ᠋ ᠪᠠᠶᠢᠳᠠᠬ ᠦᠭᠡᠢ︾ ᠬᠡᠪᠡ᠃ ᠲᠡᠷᠡ ᠪᠠᠰᠠ ᠬᠡᠷᠡᠭᠯᠡᠭᠴᠢᠳ ᠲᠤ ᠠᠮᠠᠰᠠᠷ ᠢ ᠨᠢ ᠨᠡᠭᠡᠭᠡᠭᠰᠡᠨ ᠵᠦᠭᠡᠢ ᠶᠢᠨ ᠪᠠᠯ ᠢᠶᠠᠨ ᠨᠢᠭᠡ ᠰᠠᠷ᠎ᠠ ᠶᠢᠨ ᠳᠣᠲᠣᠷ᠎ᠠ ᠢᠳᠡᠵᠦ ᠲᠠᠭᠤᠰᠬ᠎ᠠ᠂ ᠡᠰᠡ ᠲᠡᠭᠡᠪᠡᠯ ᠪᠠᠯ ᠤᠨ ᠴᠢᠨᠠᠷ ᠠᠮᠠᠷᠬᠠᠨ ᠬᠤᠪᠢᠷᠠᠨ᠎ᠠ ᠬᠡᠵᠦ ᠰᠠᠨᠠᠭᠤᠯᠵᠠᠢ᠃
 
ᠢᠷᠡᠯᠲᠡ᠄ ᠪᠣᠭᠤᠲᠣ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号