ᠴᠢᠨᠠᠷ ᠴᠢᠨᠰᠠᠭ᠎ᠠ ᠨᠢ ᠨᠡᠷᠡᠲᠦ ᠲᠡᠮᠳᠡᠭ ᠢ ᠭᠦᠢᠴᠡᠳᠭᠡᠨ᠎ᠡ
ᠨᠡᠶᠢᠲᠡᠯᠡᠭᠰᠡᠨ ᠴᠠᠭ᠄
2019-07-29
   2019ᠣᠨ ᠤ7 ᠰᠠᠷ᠎ᠠ ᠶᠢᠨ26 ᠤ ᠡᠳᠦᠷ ᠠᠴᠠ28 ᠤ ᠡᠳᠦᠷ ᠪᠣᠯᠲᠠᠯ᠎ᠠ᠂ ᠪᠣᠭᠤᠲᠣ ᠬᠤᠲᠠ ᠶᠢᠨ ᠦᠵᠡᠰᠭᠦᠯᠡᠩ ᠴᠢᠭᠤᠯᠭᠠᠨ ᠤ ᠲᠦᠪ ᠠᠴᠠ ᠪᠦᠬᠦ ᠣᠯᠣᠰ ᠤᠨ ᠪᠣᠬᠢᠷᠳᠣᠯ ᠦᠭᠡᠢ ᠲᠠᠷᠢᠶᠠᠯᠠᠩ ᠤᠨ ᠪᠠ ᠲᠣᠰᠠᠯᠠᠬᠤ ᠠᠵᠣ ᠠᠬᠤᠢ ᠶᠢᠨ ᠪᠦᠲᠦᠭᠡᠭᠲᠡᠭᠦᠨ ᠤ ᠳᠡᠯᠭᠡᠨ ᠪᠣᠷᠣᠯᠠᠭᠤᠯᠬᠤ ᠴᠣᠭᠯᠠᠭᠠᠨ ᠢ ᠡᠷᠬᠢᠯᠡᠵᠣ᠂ ᠪᠦᠬᠦ ᠣᠯᠣᠰ ᠤᠨ ᠡᠯ᠎ᠡ ᠭᠠᠵᠠᠷ ᠠᠴᠠ ᠢᠷᠡᠭᠰᠡᠨ100 ᠭᠠᠷᠣᠢ ᠲᠠᠷᠢᠶᠠᠴᠢᠨ ᠤ ᠲᠣᠰᠬᠠᠢ ᠬᠤᠷᠰᠢᠶ᠎ᠠ ᠪᠦᠬᠦ ᠣᠯᠣᠰ ᠤᠨ ᠡᠯ᠎ᠡ ᠭᠠᠵᠠᠷ ᠣᠷᠣᠨ  ᠤ ᠲᠠᠷᠢᠶᠠᠯᠠᠩ ᠤᠨ ᠪᠠ ᠲᠣᠰᠠᠯᠠᠬᠤ ᠠᠵᠣ ᠠᠬᠤᠢ ᠶᠢᠨ ᠪᠦᠲᠦᠭᠡᠭᠳᠡᠭᠦᠨ ᠢ ᠠᠪᠴᠢᠷᠠᠭᠰᠠᠨ ᠪᠠᠶᠢᠨ᠎ᠠ᠃ ᠵᠢᠪᠬᠤᠯᠠᠩᠲᠣ ᠬᠤᠷᠰᠢᠶ᠎ᠠ ᠶᠢᠨ ᠦᠵᠡᠭᠦᠯᠦᠯᠭᠡ ᠶᠢᠨ ᠲᠠᠶᠢᠰᠠᠨ ᠤ ᠠᠮᠦᠨ᠎ᠡ ᠬᠦᠮᠦᠨ ᠤ ᠲᠣᠯᠣᠭᠠᠢ ᠬᠦᠲᠡᠯᠵᠦ᠂ ᠠᠭᠤᠷ ᠠᠮᠢᠰᠬᠤᠯ ᠮᠠᠰᠢ ᠬᠦᠷ ᠬᠦᠭᠵᠢᠶᠡᠨ ᠲᠠᠢ ᠪᠠᠶᠢᠪᠠ᠂ ᠬᠤᠶᠠᠷ ᠴᠠᠭ ᠪᠣᠯᠤᠭ᠎ᠠ ᠦᠭᠡᠢ ᠪᠠᠷ ᠪᠠᠢ ᠼᠠᠢ ᠭᠸᠥ ᠶᠢᠨ ᠬᠤᠨᠴᠢᠷ ᠲᠠᠬᠢᠶᠠᠨ ᠦᠨᠳᠡᠭᠡ ᠶᠢ ᠬᠦᠮᠦᠰ ᠪᠣᠯᠢᠶᠠᠯᠳᠣᠨ ᠬᠤᠳᠠᠯᠳᠣᠨ ᠠᠪᠴᠣ᠂ ᠪᠠᠢ ᠼᠠᠢ ᠭᠸᠥ ᠶᠢᠨ ᠬᠤᠨᠴᠢᠷ ᠲᠠᠬᠢᠶᠠᠨ ᠦᠨᠳᠡᠭᠡ ᠨᠢ ᠨᠢᠭᠡ ᠦᠶ᠎ᠡ ᠲᠣᠬᠠᠢ ᠶᠢᠨ ᠲᠠᠯᠠᠪᠠᠢ ᠶᠢᠨ ︽ᠠᠮᠲᠠᠲᠣ ᠪᠣᠣᠪᠤ︾ ᠪᠣᠯᠵᠥ᠂ ᠨᠢᠭᠡ ᠨᠢ ᠴᠦ ᠣᠯᠳᠠᠰᠢ ᠦᠭᠡᠢ ᠪᠣᠯᠵᠠᠢ᠃
   ᠪᠠᠢ ᠼᠠᠢ ᠭᠸᠥ ᠶᠢᠨ ᠬᠤᠨᠴᠢᠷ ᠲᠠᠬᠢᠶᠠᠨ ᠦᠨᠳᠡᠭᠡ ︽ᠨᠢᠩᠵᠢᠨ ᠰᠠᠨᠠᠭ᠎ᠠ ᠪᠠᠷ ᠬᠦᠮᠦᠨ ᠤ ᠰᠡᠳᠬᠢᠯ ᠢ ᠣᠯᠵᠣ᠂ ᠴᠢᠨᠠᠷ ᠴᠢᠨᠰᠠᠭ᠎ᠠ ᠨᠢ ᠨᠡᠷᠡᠲᠦ ᠲᠡᠮᠲᠡᠭ ᠢ ᠭᠦᠢᠴᠡᠳᠭᠡᠨ᠎ᠡ︾ ᠪᠠᠢ ᠼᠠᠢ ᠭᠸᠥ ᠭᠠᠴᠠᠭ᠎ᠠ ᠶᠢᠨ ᠣᠳᠣᠷᠢᠳᠬᠤ ᠪᠠᠭ ᠤᠨ ᠭᠡᠰᠢᠬᠦᠳ ᠲᠠᠬᠢᠶᠠᠨ ᠦᠨᠳᠡᠭᠡ ᠶᠢᠨ ᠶᠠᠰᠣ ᠴᠢᠨᠠᠷ ᠢ ᠢᠮᠠᠭᠲᠠ ᠴᠢᠩᠭ᠎ᠠ ᠠᠳᠬᠤᠵᠣ᠂ ᠮᠠᠭᠤ ᠶᠠᠭᠤᠮ᠎ᠠ ᠪᠠᠷ ᠰᠠᠶᠢᠨ ᠢ ᠣᠷᠣᠯᠠᠭᠤᠯᠬᠤ ᠦᠭᠡᠢ ᠪᠠᠶᠢᠵᠣ᠂ ︽ᠬᠤᠨᠴᠢᠷ ᠲᠠᠬᠢᠶᠠᠨ ᠦᠨᠳᠡᠭᠡ︾ ᠭᠡᠬᠦ ᠡᠨᠡ ᠬᠦ ᠨᠡᠷᠡᠲᠦ ᠲᠡᠮᠲᠡᠭ ᠢ ᠪᠣᠢ ᠪᠣᠯᠭᠠᠬᠤ ᠶᠢ ᠪᠠᠷᠢᠮᠲᠠᠯᠠᠵᠣ᠂ ᠣᠷᠲᠣ ᠬᠤᠭᠤᠴᠠᠭᠠᠨ ᠤ ᠲᠣᠷᠰᠢ ᠣᠯᠠᠨ ᠲᠦᠮᠡᠨ ᠤ ᠵᠦᠪᠰᠢᠶᠡᠷᠠᠯ ᠢ ᠣᠯᠵᠣ᠂ ᠰᠢᠯᠭᠠᠷᠠᠭᠰᠠᠨ ᠨᠡᠷᠡᠲᠦ ᠲᠡᠮᠲᠡᠭ ᠤᠨ ᠴᠢᠨᠠᠷ ᠴᠢᠨᠰᠠᠭ᠎ᠠ ᠪᠠᠷ ᠣᠯᠠᠨ ᠲᠦᠮᠡᠨ ᠤ ᠬᠦᠷᠢᠶᠡᠯᠠᠯ ᠢ ᠣᠯᠣᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠪᠠᠢ ᠼᠠᠢ ᠭᠸᠦ ᠶᠢᠨ ᠨᠠᠮ ᠤᠨ ᠡᠭᠦᠷ ︽ᠪᠠᠢ ᠼᠠᠢ ᠭᠸᠦ︾ ᠶᠢ ᠦᠪᠦᠷ ᠮᠣᠩᠭᠤᠯ ᠤᠨ ᠨᠡᠷᠡᠲᠦ ᠬᠦᠳᠡᠭᠡ ᠠᠶᠢᠯ ᠤᠨ ᠪᠣᠬᠢᠷᠲᠣᠯ ᠦᠭᠡᠢ ᠨᠣᠭᠤᠭᠠᠨ ᠨᠡᠷᠡᠲᠦ ᠲᠡᠮᠲᠡᠭ ᠪᠣᠯᠭᠠᠨ ᠪᠦᠲᠦᠭᠡᠨ ᠪᠠᠶᠢᠭᠤᠯᠵᠣ᠂ ᠲᠣᠰᠬᠤᠨ ᠤ ᠠᠷᠠᠳ ᠢ ᠳᠠᠭᠠᠭᠤᠯᠣᠨ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠬᠦ ᠶᠢ ᠦᠨᠡᠨ ᠬᠦ ᠪᠡᠶᠡᠯᠡᠭᠦᠯᠬᠦ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号