︽ᠲᠠ ᠨᠠᠷ ᠲᠤ ᠦᠨᠡᠬᠡᠷ ᠲᠠᠯᠠᠷᠬᠠᠵᠦ ᠪᠠᠶᠢᠨ᠎ᠠ᠂ ᠲᠠ ᠨᠠᠷ ᠡᠨᠡ ᠠᠰᠠᠭᠤᠳᠠᠯ ᠢ ᠬᠠᠪᠰᠣᠷᠴᠦ | ᠰᠢᠢᠳᠪᠦᠷᠢᠯᠡᠭᠰᠡᠨ ᠦᠭᠡᠢ ᠪᠣᠯ ᠪᠢ ᠶᠠᠭᠠᠬᠢᠬᠤ ᠪᠠᠨ ᠣᠯᠬᠤ ᠦᠭᠡᠢ ᠪᠣᠯᠣᠨ᠎ᠠ᠃︾ ᠣᠶᠢᠷ᠎ᠠ ᠳᠤ᠂ ᠰᠠᠭᠤᠭᠠᠯᠢ | ᠠᠷᠠᠳ ᠯᠢᠦ ᠠᠪᠠᠭ᠋ᠠᠢ ᠰᠢᠭᠤᠶᠢᠲᠣ ᠵᠡᠭᠡᠯᠢ ᠭᠤᠳᠣᠮᠵᠢ ᠳᠤ ᠢᠷᠡᠵᠦ᠂ ᠨᠠᠶᠢᠭᠡᠮ ᠲᠣᠭᠤᠷᠢᠭ ᠤᠨ ᠠᠵᠢᠯᠳᠠᠨ ᠤ ᠠᠰᠠᠷ | ᠳᠡᠭᠡᠷᠡᠬᠢ ᠣᠷᠣᠨ ᠰᠠᠭᠤᠴᠠ ᠶᠢᠨ ᠣᠰᠣᠨ ᠬᠤᠭᠤᠯᠠᠢ ᠶᠢᠨ ᠣᠰᠦ ᠭᠤᠭᠤᠵᠢᠵᠦ ᠪᠠᠶᠢᠭ᠎ᠠ ᠠᠰᠠᠭᠤᠳᠠᠯ ᠢ | ᠬᠠᠪᠰᠣᠷᠣᠨ ᠰᠢᠢᠳᠪᠦᠷᠢᠯᠡᠵᠦ ᠦᠭᠭᠦᠭᠰᠡᠨ ᠳᠤ ᠲᠠᠯᠠᠷᠬᠠᠭᠰᠠᠨ ᠪᠠᠶᠢᠨ᠎ᠠ᠃ | | ᠯᠢᠦ ᠠᠪᠠᠭ᠋ᠠᠢ8 ᠳ᠋ᠣᠭᠠᠷ ᠠᠰᠠᠷ ᠤᠨ ᠨᠢᠭᠡᠳᠦᠭᠡᠷ ᠲᠠᠰᠤᠭ ᠤᠨ502 ᠳᠤ ᠰᠠᠭᠤᠵᠦ ᠪᠠᠶᠢᠨ᠎ᠠ᠂ ᠨᠢᠭᠡ ᠭᠡᠰᠡᠭ | ᠬᠤᠭᠤᠴᠠᠭᠠᠨ ᠳᠤ ᠵᠣᠷᠯᠥᠩ ᠳᠡᠭᠡᠷ᠎ᠡ ᠨᠢ ᠦᠷᠭᠦᠯᠵᠢ ᠣᠰᠣ ᠨᠠᠪᠴᠢᠳᠡᠭ᠃ ᠲᠠᠷᠡ ᠦᠩᠭᠡᠷᠡᠭᠰᠡᠨ ᠳᠤ ᠠᠰᠠᠷ | ᠳᠡᠭᠡᠷᠡᠬᠢ ᠰᠠᠭᠤᠭᠠᠯᠢ ᠡᠷᠦᠭᠡ ᠲᠠᠢ ᠵᠦᠪᠳᠡᠯᠴᠡᠭᠰᠡᠨ ᠪᠣᠯᠪᠠᠴᠦ ᠠᠰᠠᠷ ᠳᠡᠭᠡᠷᠡᠬᠢ ᠵᠡᠷᠭᠡᠯᠳᠡᠭᠡ ᠠᠶᠢᠯ ᠤᠨ ᠬᠢᠨ ᠪᠣᠯ | ᠭᠠᠳᠠᠨ᠎ᠠ ᠠᠴᠠ ᠢᠷᠡᠵᠦ ᠬᠦᠯᠦᠰᠦᠨ ᠠᠵᠢᠯ ᠬᠢᠳᠡᠭ ᠭᠡᠷ ᠲᠦᠷᠢᠶᠡᠰᠦᠯᠡᠬᠦ ᠡᠷᠦᠭᠡ ᠪᠣᠯᠬᠤᠢ ᠣᠭᠳᠦ ᠣᠶᠢᠰᠢᠶᠠᠭᠰᠠᠨ | ᠦᠭᠡᠢ᠃ ᠠᠷᠭ᠎ᠠ ᠦᠭᠡᠢ ᠪᠠᠶᠢᠳᠠᠯ ᠲᠣᠣᠷ᠎ᠠ᠂ ᠲᠠᠷᠡ ᠵᠦᠪᠬᠡᠨ ᠰᠢᠭᠤᠶᠢᠲᠣ ᠵᠡᠭᠡᠯᠢ ᠭᠤᠳᠣᠮᠵᠢ ᠳᠤ ᠢᠷᠡᠵᠦ᠂ | ᠠᠵᠢᠯᠳᠠᠳ ᠳᠤ ᠦᠪᠡᠷ ᠤᠨ ᠬᠦᠴᠢᠷᠳᠡᠯ ᠢᠶᠠᠨ ᠲᠣᠰᠬᠠᠵᠦ᠂ ᠨᠡᠶᠢᠭᠡᠮ ᠲᠣᠭᠤᠷᠢᠭ ᠤᠨ ᠵᠣᠬᠢᠴᠠᠭᠤᠯᠭ᠎ᠠ ᠶᠢ | ᠭᠤᠶᠣᠴᠢᠯᠡᠪᠠ᠃ | ᠨᠡᠶᠢᠭᠡᠮ ᠲᠣᠭᠤᠷᠢᠭ ᠤᠨ ᠠᠵᠢᠯᠳᠡᠳ ᠪᠠᠶᠢᠳᠠᠯ ᠢ ᠮᠡᠳᠡᠭᠰᠡᠨ ᠤ ᠲᠠᠷᠠᠭ᠎ᠠ᠂ ᠲᠣᠬᠠᠢ ᠶᠢᠨ ᠲᠠᠯᠠᠪᠡᠢ ᠲᠤ ᠬᠦᠷᠴᠦ | ᠣᠰᠣ ᠭᠤᠭᠤᠵᠢᠭᠰᠠᠨ ᠪᠠᠶᠢᠳᠠᠯ ᠢ ᠪᠠᠶᠢᠴᠠᠭᠠᠨ ᠦᠵᠡᠵᠦ᠂ ᠬᠤᠬᠢᠷᠠᠯ ᠠᠮᠰᠠᠭᠰᠠᠨ ᠲᠠᠯ᠎ᠠ ᠶᠢᠨ ᠬᠢᠨ ᠤ ᠰᠡᠳᠬᠢᠯ | ᠰᠠᠨᠠᠭ᠎ᠠ ᠶᠢ ᠲᠠᠶᠢᠪᠣᠰᠢᠷᠠᠭᠤᠯᠵᠣ᠂ ᠣᠣᠯ ᠤᠨ ᠭᠡᠷ ᠤᠨ ᠡᠵᠡᠨ ᠲᠠᠢ ᠨᠢ ᠬᠠᠪᠰᠣᠷᠣᠨ ᠬᠠᠷᠢᠯᠴᠠᠵᠦ᠂ ᠬᠠᠶᠢᠷ᠎ᠠ | ᠰᠡᠳᠬᠢᠯᠭᠡ ᠶᠢ ᠨᠢ ᠮᠡᠳᠡᠵᠦ᠂ ᠬᠦᠯᠢᠴᠡᠩᠬᠦᠢ ᠢᠳᠬᠠᠪᠡ᠃ ᠠᠰᠠᠷ ᠳᠡᠭᠡᠷᠡᠬᠢ ᠰᠠᠭᠤᠭᠠᠯᠢ ᠡᠷᠦᠭᠡ ᠦᠨᠡᠨ ᠰᠡᠳᠬᠢᠯ | ᠠᠴᠠ ᠪᠠᠨ ᠪᠣᠷᠣᠭᠤ ᠮᠡᠳᠡᠵᠦ᠂ ᠰᠡᠯᠪᠢᠨ ᠵᠠᠰᠠᠭᠴᠢ ᠪᠠᠷ ᠵᠠᠰᠠᠭᠤᠯᠬᠤ ᠪᠠᠷ ᠵᠦᠪᠰᠢᠶᠠᠷᠡᠪᠡ᠃ | ᠨᠡᠶᠢᠭᠡᠮ ᠲᠣᠭᠤᠷᠢᠭ ᠤᠨ ᠠᠵᠢᠯ ᠢ ᠬᠢᠬᠦ ᠨᠢ ᠲᠠᠷᠣᠢ ᠴᠢᠷᠮᠡᠶᠢᠵᠦ ᠪᠠᠶᠢᠭᠠᠳ ᠨᠡᠶᠢᠭᠡᠮ ᠲᠣᠭᠤᠷᠢᠭ ᠤᠨ ᠬᠦᠮᠦᠰ | ᠢ ᠡᠶ᠎ᠡ ᠵᠣᠬᠢᠴᠠᠯ ᠲᠠᠢ ᠪᠠᠷ ᠬᠠᠮᠳᠦ ᠪᠠᠶᠢᠯᠭᠠᠵᠦ᠂ ᠦᠭᠡ ᠪᠠᠨ ᠰᠢᠭᠤᠳ ᠶᠠᠷᠢᠵᠦ᠂ ᠶᠣᠰᠦ ᠣᠴᠢᠷ ᠢ ᠲᠣᠳᠣᠷᠬᠠᠢ | ᠶᠠᠷᠢᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠣᠶᠢᠯᠠᠭᠠᠯᠴᠠᠵᠦ᠂ ᠨᠦᠭᠦᠭᠡ ᠡᠳᠡᠭᠡᠳ ᠤᠨ ᠢᠶᠠᠨ ᠲᠠᠯ᠎ᠠ ᠠᠴᠠ | ᠪᠣᠳᠦᠵᠦ ᠦᠵᠡᠪᠡᠯ ᠵᠦᠷᠢᠴᠡᠯ ᠨᠢ ᠴᠦ ᠨᠡᠮᠳᠡᠵᠦ ᠴᠢᠳᠠᠬᠤ ᠪᠣᠯᠣᠨ᠎ᠠ᠃ |