ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠭᠤᠶᠤᠵᠢᠭᠤᠯᠵᠥ ᠪᠦᠬᠦᠯᠢ ᠴᠣᠭᠴᠠ ᠶᠢᠨ ᠦᠢᠯᠡᠴᠢᠯᠡᠯᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2019-08-13
   ᠪᠠᠳᠺᠠᠷ ᠰᠦᠮ᠎ᠡ ᠶᠢᠨ ᠰᠣᠶᠣᠯ ᠵᠢᠭᠤᠯᠴᠢᠯᠠᠯ ᠤᠨ ᠣᠷᠣᠨ ᠤ ᠶᠡᠷᠦᠩᠬᠡᠶᠢᠯᠡᠭᠰᠡᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠴᠡᠪᠡᠷ ᠦᠵᠡᠮᠵᠢᠯᠢᠭ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 8 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠪᠠᠳᠺᠠᠷ ᠰᠦᠮ᠎ᠡ ᠶᠢᠨ ᠰᠣᠶᠣᠯ ᠵᠢᠭᠤᠯᠴᠢᠯᠠᠯ ᠤᠨ ᠣᠷᠣᠨ ᠤ ᠢᠳᠡᠭᠡᠨ ᠤᠮᠳᠠᠭᠠᠨ ᠤ ᠲᠥᠪ ᠤᠨ ᠪᠣᠷᠣᠭᠠᠨ ᠠᠴᠠ ᠰᠡᠷᠭᠡᠶᠢᠯᠡᠬᠦ ᠪᠦᠷᠬᠡ ᠶᠢ ᠰᠣᠯᠢᠪᠠ᠃
   ᠣᠳᠣᠬᠠᠨ ᠳᠤ᠂ ᠪᠠᠳᠺᠠᠷ ᠰᠦᠮ᠎ᠡ ᠶᠢᠨ ᠰᠣᠶᠣᠯ ᠵᠢᠭᠤᠯᠴᠢᠯᠠᠯ ᠤᠨ ᠣᠷᠣᠨ ᠶᠠᠭ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ A ᠲᠡᠰ ᠤᠨ ᠦᠵᠡᠮᠵᠢ ᠶᠢᠨ ᠣᠷᠣᠨ ᠢ ᠳᠠᠬᠢᠨ ᠬᠢᠨᠠᠬᠤ ᠠᠵᠢᠯ ᠳᠤ ᠪᠡᠯᠡᠳᠬᠡᠯ ᠬᠢᠵᠦ ᠪᠠᠶᠢᠨ᠎ᠠ᠂ ᠲᠣᠰ ᠤᠳᠠᠭ᠎ᠠ ᠶᠢᠨ ᠢᠳᠡᠭᠡᠨ ᠤᠮᠳᠠᠭᠠᠨ ᠤ ᠲᠥᠪ ᠤᠨ ᠪᠣᠷᠣᠭᠠᠨ ᠠᠴᠠ ᠰᠡᠷᠭᠡᠶᠢᠯᠡᠬᠦ ᠪᠦᠷᠬᠡ ᠶᠢ ᠰᠣᠯᠢᠭᠰᠠᠨ ᠨᠢ ᠢᠳᠡᠭᠡᠨ ᠤᠮᠳᠠᠭᠠᠨ ᠤ ᠲᠥᠪ ᠤᠨ ᠬᠤᠭᠤᠯᠠ ᠢᠳᠡᠬᠦ ᠣᠷᠴᠢᠨ ᠲᠣᠭᠤᠷᠢᠨ  ᠢ ᠰᠠᠶᠢᠵᠢᠷᠠᠭᠤᠯᠵᠤ᠂ ᠦᠵᠡᠮᠵᠢ ᠶᠢᠨ ᠣᠷᠣᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ A ᠲᠡᠰ ᠤᠨ ᠦᠵᠡᠮᠵᠢ ᠶᠢᠨ ᠣᠷᠣᠨ ᠢ ᠳᠠᠬᠢᠨ ᠬᠢᠨᠠᠬᠤ ᠳᠤ ᠡᠮᠦᠨ᠎ᠡ ᠡᠩᠨᠡᠭᠡᠨ ᠳᠤ ᠵᠢᠭᠰᠠᠭᠠᠭᠳᠠᠬᠤ ᠶᠢ ᠪᠠᠲᠤᠯᠠᠬᠤ ᠳᠤ ᠠᠬᠢᠭᠤᠯᠬᠤ ᠦᠢᠯᠡᠳᠦᠯ ᠦᠵᠡᠭᠦᠯᠵᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号