ᠳ᠋ᠠ ᠼᠢ ᠵᠡᠭᠡᠯᠢ ᠭᠤᠳᠤᠮᠵᠢ ᠠᠵᠢᠯ ᠣᠯᠤᠭᠠᠳᠤᠶ ᠭᠡᠷ ᠪᠦᠯᠢ᠂ ᠠᠵᠢᠯ ᠣᠯᠬᠤ ᠳᠤ ᠬᠦᠴᠢᠷᠲᠡᠶ ᠭᠡᠷ ᠪᠦᠯᠢ ᠶᠢᠨ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2019-08-13
   ᠬᠠᠷᠢᠶᠠᠲᠤ ᠣᠷᠣᠨ ᠤ ᠳᠣᠲᠣᠷᠠᠬᠢ ︽ᠨᠢᠭᠡ ᠬᠥᠮᠦᠨ ᠴᠦ ᠠᠵᠢᠯ ᠣᠯᠤᠭᠠᠳᠤᠶ︾ ᠭᠡᠷ ᠪᠦᠯᠢ᠂ ᠠᠵᠢᠯ ᠣᠯᠬᠤ ᠳᠤ ᠬᠦᠴᠢᠷᠲᠡᠶ ᠭᠡᠷ ᠪᠦᠯᠢ ᠶᠢᠨ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ᠠᠵᠢᠯ ᠣᠯᠭᠤᠯᠲᠠ ᠶᠢ ᠤᠯᠠᠮ ᠨᠢᠭᠡ ᠠᠯᠬᠤᠮ ᠬᠠᠪᠰᠤᠷᠤᠨ ᠲᠡᠳᠬᠦᠬᠦ ᠶᠢᠨ ᠲᠥᠯᠥᠭᠡ᠂ 8 ᠰᠠᠷ᠎ᠠ ᠶᠢᠨ 11 ᠤ ᠡᠳᠦᠷ᠂ ᠳ᠋ᠠ ᠼᠢ ᠵᠡᠭᠡᠯᠢ ᠭᠤᠳᠤᠮᠵᠢ ︽ᠨᠢᠭᠡ ᠬᠥᠮᠦᠨ ᠴᠦ ᠠᠵᠢᠯ ᠣᠯᠤᠭᠠᠳᠤᠶ︾ ᠭᠡᠷ ᠪᠦᠯᠢ᠂ ᠠᠵᠢᠯ ᠣᠯᠬᠤ ᠳᠤ ᠬᠦᠴᠢᠷᠲᠡᠶ ᠭᠡᠷ ᠪᠦᠯᠢ ᠶᠢᠨ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠠᠵᠢᠯᠲᠠᠳ ︽ᠨᠢᠭᠡ ᠬᠥᠮᠦᠨ ᠴᠦ ᠠᠵᠢᠯ ᠣᠯᠤᠭᠠᠳᠤᠶ︾ ᠭᠡᠷ ᠪᠦᠯᠢ ᠵᠧᠤ ᠶᠦᠩ ᠴᠢᠩ᠂ ᠠᠵᠢᠯ ᠣᠯᠬᠤ ᠳᠤ ᠬᠦᠴᠢᠷᠲᠡᠶ ᠭᠡᠷ ᠪᠦᠯᠢ ᠸᠠᠩ ᠰᠢ ᠶᠦᠨ᠂ ᠬᠤᠸᠠᠩ ᠰᠢᠨ ᠪᠦᠦ ᠶᠢᠨ ᠭᠡᠷ ᠲᠤ ᠭᠦᠨᠵᠡᠭᠡᠶᠢᠷᠡᠵᠦ᠂ ᠰᠠᠨᠠᠯ ᠢᠶᠠᠨ ᠰᠣᠯᠢᠯᠴᠠᠨ ᠨᠡᠪᠲᠡᠷᠡᠯᠴᠡᠵᠦ᠂ ᠲᠡᠳᠡᠨ ᠳᠤ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠣᠷᠢᠯᠠᠵᠣ᠂ ᠲᠡᠳᠡᠨ ᠤ ᠭᠡᠷ ᠪᠦᠯᠢ ᠶᠢᠨ ᠪᠠᠶᠢᠳᠠᠯ᠂ ᠬᠥᠳᠡᠯᠮᠦᠷᠢ ᠬᠦᠴᠦᠨ ᠤ ᠪᠠᠶᠢᠳᠠᠯ᠂ ᠠᠵᠤ ᠠᠬᠤᠢ ᠶᠢᠨ ᠨᠥᠬᠦᠴᠡᠯ ᠵᠡᠷᠭᠡ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠶᠢᠯᠠᠭᠠᠪᠠ᠃ ᠲᠡᠳᠡᠨ ᠤ ᠰᠡᠳᠬᠢᠵᠦ ᠪᠠᠶᠢᠭ᠎ᠠ᠂ ᠪᠣᠳᠣᠵᠤ ᠪᠠᠶᠢᠭ᠎ᠠ᠂ ᠬᠦᠰᠡᠵᠦ ᠪᠠᠶᠢᠭ᠎ᠠ ᠵᠢᠴᠢ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ᠂ ᠠᠵᠢᠯ ᠰᠣᠩᠭᠤᠬᠤ ᠬᠦᠰᠡᠯ ᠡᠷᠡᠮᠡᠯᠵᠡᠯ ᠵᠡᠷᠭᠡ ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠴᠤ᠂ ᠬᠠᠪᠰᠤᠷᠤᠨ ᠲᠡᠳᠬᠦᠬᠦ ᠠᠵᠢᠯ ᠢ ᠨᠠᠩ ᠣᠨᠣᠪᠴᠢᠲᠠᠶ᠂ ᠨᠠᠩ ᠪᠣᠳᠠᠲᠠᠶ᠂ ᠨᠠᠩ ᠪᠦᠲᠦᠮᠵᠢᠲᠡᠶ ᠪᠣᠯᠭᠠᠵᠤ᠂ ᠲᠡᠳᠡᠨ ᠢ ᠣᠶᠢᠷ᠎ᠠ ᠬᠠᠪᠢ ᠪᠠᠷ ᠳᠠᠬᠢᠨ ᠠᠵᠢᠯ ᠣᠯᠭᠤᠬᠤ ᠶᠢ ᠪᠡᠶᠡᠯᠡᠭᠦᠯᠦᠨ᠎ᠡ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号