ᠸᠠᠩ ᠰᠢᠤ ᠯᠢᠶᠠᠨ ᠰᠢᠭᠤᠶᠢᠲᠣ ᠲᠣᠭᠤᠷᠢᠭ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-08-14
     ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠤ ᠯᠢᠶᠠᠨ ᠨᠠᠷ ᠰᠢᠭᠤᠶᠢᠲᠤ ᠲᠣᠭᠤᠷᠢᠭ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠡᠶ᠃
     ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠴᠢᠩ ᠢ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠪᠢᠨ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠶᠦ᠋ᠨ ᠹᠧᠩ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠬᠠᠢ ᠷᠦᠩ᠂ ᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠳᠡᠳ᠋ ᠳᠠᠷᠤᠭ᠎ᠠ ᠡᠤ ᠳ᠋ᠧ ᠫᠢᠩ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠰᠢᠨ ᠴᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠠᠶ ᠢᠦᠶ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠸᠠᠩ ᠰᠢᠤ ᠯᠢᠶᠠᠨ ᠨᠡᠷ ᠤᠷᠢᠳ ᠬᠤᠵᠢᠳ ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ᠂ ᠴᠠᠩ ᠴᠧᠩ ᠰᠦᠯᠵᠢᠶ᠎ᠡ ᠬᠢᠭᠡᠳ ᠮᠡᠳᠡᠯᠭᠡ ᠶᠢᠨ ᠠᠮᠤᠷ ᠲᠦᠪᠰᠢᠨ ᠤ ᠠᠺᠠᠳᠧᠮᠢᠴᠢ ᠶᠢᠨ ᠠᠵᠢᠯ ᠤᠨ ᠥᠷᠲᠡᠭᠡ᠂ ᠶᠠ ᠰᠢᠨ ᠯᠦᠩ ᠱᠦᠨ ᠤ 260 ᠲᠡᠭᠰᠢ ᠳᠥᠷᠪᠡᠯᠵᠢᠨ ᠮᠧᠲᠷ ᠤᠨ ᠰᠢᠲᠠᠭᠠᠨ ᠪᠠᠷᠢᠯᠳᠤᠭᠤᠯᠬᠤ ᠮᠠᠰᠢᠨ ᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠶᠠ ᠰᠢᠨ ᠯᠦᠩ ᠱᠦᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠠᠵᠤ ᠠᠬᠤᠢ ᠶᠢᠨ ᠥᠷᠭᠡᠷᠢᠭ ᠤᠨ ᠡᠨᠧᠷᠭᠢ ᠶᠢᠨ ᠬᠢᠮᠢ ᠶᠢᠨ 10 ᠲᠦᠮᠡᠨ ᠲᠣᠨ ᠤ ᠮᠧᠲ᠋ᠢᠯ ᠠᠯᠺᠣᠣᠯ ᠤᠨ ᠲᠥᠷᠥᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠵᠤ ᠠᠬᠤᠶᠢᠯᠠᠯ ᠲᠠᠢ ᠭᠦᠨᠵᠡᠭᠡᠶ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠪᠡ᠃ ᠸᠠᠩ ᠰᠢᠤ ᠯᠢᠶᠠᠨ᠂ ᠡᠯ᠎ᠡ ᠠᠵᠤ ᠠᠬᠤᠶᠢᠯᠠᠯ ᠠᠵᠢᠯᠴᠢᠨ ᠬᠡᠷᠡᠭᠯᠡᠬᠦ᠂ ᠪᠡᠯᠡ ᠮᠥᠩᠭᠦ᠂ ᠵᠠᠮ ᠬᠠᠷᠢᠯᠴᠠᠭ᠎ᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠠᠩᠭᠠᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠯᠡ ᠬᠤᠷᠠᠮᠳᠤᠭᠤᠯᠬᠤ᠂ ᠵᠠᠬ᠎ᠠ ᠳᠡᠯᠭᠡᠭᠦᠷ᠂ ᠴᠢᠳᠠᠪᠤᠷᠢᠲᠠᠨ ᠂ ᠰᠢᠨ᠎ᠡ ᠶᠢ ᠡᠭᠦᠳᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠶ᠃      ᠸᠠᠩ ᠰᠢᠤ ᠯᠢᠶᠠᠨ᠂ ᠡᠯ᠎ᠡ ᠠᠵᠤ ᠠᠬᠤᠶᠢᠯᠠᠯ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠰᠢᠨ᠎ᠡ ᠵᠠᠮ ᠢᠶᠠᠷ ᠵᠠᠮᠨᠠᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠭᠡᠵᠦ᠂ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠬᠠᠮᠲᠤᠪᠠᠷ ᠬᠦᠬᠡᠮᠳᠦᠭ ᠠᠭᠤᠯᠠ ᠨᠣᠭᠤᠭᠠᠨ ᠣᠰᠣ ᠪᠠᠨ ᠰᠠᠬᠢᠨ ᠬᠠᠮᠠᠭᠠᠯᠠᠵᠣ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠭᠡᠷᠡᠴᠢᠯᠡᠯᠲᠡ ᠪᠣᠯᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠭᠠᠷ ᠤᠷᠠᠯᠠᠯ ᠤᠨ ᠴᠤᠪᠤᠷᠠᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠢ ᠭᠦᠢᠴᠡᠳ ᠬᠥᠭᠵᠢᠭᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号