ᠪᠤᠭᠤᠲᠤ ᠬᠤᠲᠠ ᠶᠢᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠧᠩ ᠢᠦᠶ ᠳ᠋ᠠ ᠼᠢ ᠵᠡᠭᠡᠯᠢ ᠭᠤᠳᠤᠮᠵᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-08-16
   8 ᠰᠠᠷ᠎ᠠ ᠶᠢᠨ 16 ᠤ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠧᠩ ᠢᠦᠶ ᠳ᠋ᠠ ᠼᠢ ᠵᠡᠭᠡᠯᠢ ᠭᠤᠳᠤᠮᠵᠢ ᠳᠤ ᠪᠠᠶᠢᠴᠠᠭᠠᠨ ᠰᠤᠳᠤᠯᠤᠯᠲᠠ ᠬᠢᠵᠦ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠳᠢᠶᠧ ᠵᠢᠶᠦ᠋ᠨ᠂ ᠡᠷᠬᠢᠯᠡᠭᠴᠢ ᠭᠡᠰᠢᠭᠦᠴᠢ ᠶᠠᠩ ᠴᠧᠩ ᠸᠧᠨ᠂ ᠳ᠋ᠠ ᠼᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠢᠶᠠ ᠷᠦᠨ ᠭᠠᠩ᠂ ᠳᠡᠳ᠋ ᠱᠦᠵᠢ ᠰᠦᠨ ᠵᠢᠶᠠᠨ ᠪᠠᠷ᠎ᠠ ᠪᠣᠯᠵᠤ  ᠪᠠᠶᠢᠴᠠᠭᠠᠨ ᠰᠤᠳᠤᠯᠤᠯᠲᠠ ᠬᠢᠪᠡ᠃
   ᠸᠠᠩ ᠵᠧᠩ ᠢᠦᠶ ᠡᠩ ᠲᠡᠷᠢᠭᠦᠨ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠠᠰᠠᠷ ᠢ ᠲᠣᠭᠤᠷᠢᠨ ᠦᠵᠡᠵᠦ᠂ ᠠᠯᠪᠠᠨ ᠠᠰᠠᠷ ᠳᠣᠲᠣᠷᠠᠬᠢ ᠨᠠᠮ ᠤᠨ ᠪᠠᠶᠢᠭᠤᠯᠤᠯᠲᠠ ᠶᠢᠨ ᠰᠣᠶᠣᠯ ᠤᠨ ᠤᠬᠠᠭᠤᠯᠭ᠎ᠠ ᠶᠢ ᠭᠦᠢᠴᠡᠳ ᠨᠤᠲᠠᠯᠠᠵᠤ᠂ ᠰᠤᠷᠤᠯᠴᠠᠯᠭ᠎ᠠ ᠶᠢᠨ ᠵᠢᠱᠢᠶᠡᠴᠢ ᠶᠢᠨ ᠵᠢᠭᠰᠠᠭᠠᠯ ᠢ ᠪᠠᠶᠢᠭᠤᠯᠤᠭᠰᠠᠨ ᠢ ᠮᠠᠭᠲᠠᠨ ᠰᠠᠶᠢᠰᠢᠶᠠᠵᠤ ᠂ ᠪᠦᠬᠦ ᠠᠵᠢᠯᠲᠠᠨ ᠢᠳᠡᠪᠬᠢᠲᠡᠢ ᠰᠤᠷᠤᠯᠴᠠᠬᠤ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠪᠡ᠃    ᠳᠠᠷᠠᠭ᠎ᠠ ᠨᠢ᠂  ᠸᠠᠩ ᠵᠧᠩ ᠢᠦᠶ ᠳᠠᠷᠤᠭ᠎ᠠ ᠬᠢᠮᠢ ᠶᠢᠨ ᠦᠢᠯᠡᠳᠪᠦᠷᠢ ᠶᠢᠨ ᠰᠢᠩ ᠹᠦ᠋ ᠳ᠋ᠠ ᠶᠤᠸᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠲᠣᠭᠤᠷᠢᠨ ᠦᠵᠡᠪᠡ᠃ ᠲᠡᠷᠡ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠣᠯᠲᠠ ᠪᠣᠯ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠠᠶᠢᠨ ᠶᠠᠪᠤᠳᠠᠯ ᠮᠥᠨ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠠᠵᠢᠯᠯᠠᠭ᠎ᠠ ᠥᠷᠨᠢᠭᠦᠯᠬᠦ ᠳᠡᠭᠡᠨ ᠣᠯᠠᠨ ᠲᠦᠮᠡᠨ ᠢ ᠲᠦᠰᠢᠭᠯᠡᠵᠦ᠂ ᠨᠠᠮ ᠤᠨ ᠭᠡᠰᠢᠭᠦᠨ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号