ᠳ᠋ᠠ ᠼᠢ ᠵᠡᠭᠡᠯᠢ ᠭᠤᠳᠤᠮᠵᠢ ᠤᠯᠤᠰ ᠠᠴᠠ ᠪᠠᠶᠠᠷ ᠤᠨ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-21
     ︽70 ᠵᠢᠯ ᠤᠨ ᠤᠢ ᠶᠢᠨ ᠦᠪᠡᠳᠡᠭᠰᠢ ᠶᠡᠭᠡ ᠪᠠᠶᠠᠷ︾ ᠤᠨ ᠲᠤᠬᠠᠶ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 8 ᠰᠠᠷ᠎ᠠ ᠶᠢᠨ 21 ᠤ ᠡᠳᠦᠷ᠂ ᠳ᠋ᠠ ᠼᠢ ᠵᠡᠭᠡᠯᠢ ᠭᠤᠳᠤᠮᠵᠢ ᠤᠯᠤᠰ ᠠᠴᠠ ᠪᠠᠶᠠᠷ ᠤᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠬᠤᠷᠠᠯ ᠢ ᠨᠠᠮ ᠤᠨ ᠠᠵᠢᠯᠯᠠᠬᠤ ᠬᠤᠷᠢᠶᠠᠨ ᠤ ᠱᠦᠵᠢ ᠵᠢᠶᠠ ᠷᠦᠨ ᠭᠠᠩ ᠡᠷᠬᠢᠯᠡᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠵᠢᠯᠲᠠᠨ ᠪᠦᠷ ᠣᠷᠣᠯᠴᠠᠪᠠ᠃
     ᠵᠢᠶᠠ ᠷᠦᠨ ᠭᠠᠩ ᠱᠦᠵᠢ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠵᠦ᠂ ︽ᠲᠠᠪᠤᠨ ᠪᠠᠲᠤᠯᠠᠭ᠎ᠠ︾ ᠶᠢᠨ ᠠᠵᠢᠯ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠪᠠ᠃ ᠬᠤᠶᠠᠷ ᠲᠤ᠂ ᠬᠠᠷᠢᠶ᠎ᠠ ᠣᠷᠣᠨ ᠤ ᠪᠠᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠬᠥᠮᠦᠰ ᠢ ᠱᠠᠲᠤ ᠳᠠᠷᠠᠭᠠᠯᠠᠨ ᠲᠥᠷᠥᠯ ᠬᠤᠪᠢᠶᠠᠨ᠂ ᠱᠠᠲᠤ ᠳᠠᠷᠠᠭᠠᠯᠠᠨ ᠵᠢᠭᠰᠠᠭᠠᠨ ᠪᠠᠶᠢᠴᠠᠭᠠᠵᠤ᠂ ᠳᠣᠲᠣᠷ᠎ᠠ ᠪᠠᠨ ᠲᠣᠳᠣᠷᠬᠠᠶ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠶ᠃ ᠭᠤᠷᠪᠠ ᠳᠤ᠂ ᠠᠵᠢᠯ ᠢᠶᠠᠨ ᠪᠣᠳᠠᠲᠠᠶ ᠬᠤᠪᠢᠶᠠᠷᠢᠯᠠᠵᠤ᠂ ᠰᠠᠨᠠᠭᠠᠴᠢᠯᠠᠭ᠎ᠠ ᠠᠴᠠ ᠪᠠᠨ ᠨᠠᠮᠳᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠡᠬᠡ ᠤᠯᠤᠰ ᠤᠨ ︽ᠤᠮᠠᠷᠠᠲᠤ ᠬᠠᠭᠠᠯᠭ᠎ᠠ︾᠂ ᠪᠡᠭᠡᠵᠢᠩ ᠲᠣᠭᠤᠷᠢᠨ ᠤ ︽ᠬᠤᠲᠠ ᠶᠢ ᠬᠠᠮᠠᠭᠠᠯᠠᠬᠤ ᠭᠤᠤᠯ︾ ᠢ ᠡᠷᠡᠰ ᠰᠠᠶᠢᠲᠤᠷ ᠰᠠᠬᠢᠨ᠎ᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号