ᠵᠢᠪᠬᠤᠯᠠᠩᠲᠤ ᠰᠤᠮᠤ ᠦᠶᠡᠷ ᠢ ᠰᠡᠷᠭᠡᠶᠢᠯᠡᠬᠦ ᠵᠢᠵᠢᠭᠦᠷ ᠤᠨ ᠪᠠᠶᠢᠳᠠᠯ ᠤᠨ ᠲᠣᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-08-23
     8 ᠰᠠᠷ᠎ᠠ ᠶᠢᠨ 19 ᠤ ᠰᠥᠨᠢ᠂ ᠨᠢᠭᠡ ᠤᠳᠠᠭᠠᠨ ᠤ ᠰᠢᠷᠦᠭᠦᠨ ᠪᠣᠷᠣᠭᠠᠨ ᠣᠷᠣᠵᠤ᠂ ᠵᠢᠪᠬᠤᠯᠠᠩᠲᠤ ᠰᠤᠮᠤ ᠶᠢᠨ ᠬᠠᠷᠢᠭᠤᠴᠠᠯᠭᠠᠲᠠᠨ ᠵᠢᠴᠢ ᠡᠯ᠎ᠡ ᠲᠣᠰᠬᠤᠨ ᠤ ᠺᠠᠳ᠋ᠷ ᠪᠣᠷᠣᠭᠠᠨ ᠤ ᠳᠤᠮᠳᠠ ᠡᠯ᠎ᠡ ᠲᠣᠰᠬᠤᠨ ᠳᠤ ᠬᠦᠷᠴᠦ ᠦᠶᠡᠷ ᠢ ᠰᠡᠷᠭᠡᠶᠢᠯᠡᠬᠦ ᠵᠢᠵᠢᠭᠦᠷ ᠤᠨ ᠪᠠᠶᠢᠳᠠᠯ ᠤᠨ ᠲᠣᠬᠠᠢ ᠪᠠᠶᠢᠴᠠᠭᠠᠯᠲᠠ ᠬᠢᠵᠦ᠂ ᠭᠤᠤᠯ ᠳᠠᠭᠠᠤ ᠰᠠᠭᠤᠭ᠎ᠠ ᠲᠣᠰᠬᠤᠨ ᠤ ᠠᠷᠠᠳ ᠢ ᠡᠷᠭᠢᠨ ᠦᠵᠡᠵᠦ᠂ ᠣᠷᠣᠨ ᠰᠠᠭᠤᠴᠠ ᠶᠢᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠬᠥᠮᠦᠰ ᠢ ᠰᠢᠯᠵᠢᠭᠦᠯᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠮᠠᠯᠴᠢᠨ ᠲᠠᠷᠢᠶᠠᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠵᠢᠵᠢᠭᠦᠷᠯᠡᠬᠦ ᠲᠣᠰᠬᠤᠨ ᠤ ᠺᠠᠳ᠋ᠷ ᠢ ᠡᠷᠬᠡᠪᠰᠢ ᠦᠶᠡᠷ ᠤᠨ ᠬᠤᠭᠤᠴᠠᠭᠠᠨ ᠤ ᠵᠢᠵᠢᠭᠦᠷ ᠤᠨ ᠱᠠᠭᠠᠷᠳᠠᠯᠭ᠎ᠠ ᠶᠣᠰᠣᠭᠠᠷ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠰᠤᠮᠤ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号