ᠰᠢᠭᠤᠶᠢᠲᠤ ᠲᠣᠭᠤᠷᠢᠭ ᠤᠨ ᠬᠢᠨ ᠬᠤᠭ ᠨᠣᠪᠰᠢ ᠶᠢ ᠲᠥᠷᠥᠯ ᠬᠤᠪᠢᠶᠠᠬᠤ ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-08-23
     ᠲᠦᠷᠦᠭᠦᠬᠡᠨ᠂ ᠰᠢᠭᠤᠶᠢᠲᠣ ᠲᠣᠭᠤᠷᠢᠭ ᠤᠨ ᠳ᠋ᠠ ᠹᠡ ᠵᠡᠭᠡᠯᠢ ᠭᠤᠳᠤᠮᠵᠢ ᠶᠢᠨ ᠰᠢᠭᠤᠶᠢᠲᠣ ᠨᠡᠶᠢᠭᠡᠮ ᠲᠣᠭᠤᠷᠢᠭ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠲᠠᠢ ᠬᠠᠮᠲᠤᠷᠠᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠳᠠᠮᠵᠢᠭᠤᠯᠵᠤ᠂ ᠰᠡᠷᠭᠦᠭᠡᠭᠳᠡᠬᠦ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠪᠠ᠃
     ᠠᠵᠢᠯᠯᠠᠭ᠎ᠠ ᠶᠢᠨ ᠳᠤᠮᠳᠠ᠂ ᠤᠬᠠᠭᠤᠯᠬᠤ ᠠᠵᠢᠯᠲᠠᠨ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠶᠢᠨ ᠵᠢᠯᠣᠭᠤᠳᠬᠤ ᠭᠠᠷ ᠳᠡᠪᠲᠡᠷ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠳᠡᠪᠲᠡᠷ ᠢ ᠲᠠᠷᠬᠠᠭᠠᠭᠰᠠᠨ ᠪᠥᠭᠡᠳ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ ᠪᠠᠷ ᠳᠠᠮᠵᠢᠭᠤᠯᠤᠨ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠦᠨᠳᠦᠰᠦᠨ ᠶᠡᠷᠦ ᠶᠢᠨ ᠮᠡᠳᠡᠯᠭᠡ ᠪᠠ ᠠᠴᠢ ᠬᠤᠯᠪᠣᠭᠳᠠᠯ ᠢ ᠨᠠᠷᠢᠨ ᠨᠢᠮᠪᠠᠶ ᠲᠠᠶᠢᠯᠪᠤᠷᠢᠯᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠳᠡᠭᠡᠭᠰᠢᠯᠡᠭᠦᠯᠪᠡ᠃ ᠤᠬᠠᠭᠤᠯᠬᠤ ᠠᠵᠢᠯᠯᠠᠭ᠎ᠠ ᠥᠷᠭᠡᠨ ᠣᠯᠠᠨ ᠰᠠᠭᠤᠭᠠᠯᠢ ᠠᠷᠠᠳ ᠤᠨ ᠬᠦᠷᠢᠶᠡᠯᠡᠯ ᠢ ᠣᠯᠵᠤ᠂ ᠣᠯᠠᠨ ᠢᠶᠠᠷ ᠢᠶᠠᠨ ᠣᠯᠠᠨ ᠠᠷᠪᠢᠨ ᠠᠰᠢᠭ ᠬᠦᠷᠲᠡᠪᠡ᠃ ᠰᠠᠭᠤᠭᠠᠯᠢ ᠠᠷᠠᠳ ᠸᠠᠩ ᠠᠪᠠᠭ᠋ᠠᠶ ᠄ ︽ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠰᠤᠷᠤᠯᠴᠠᠯᠭ᠎ᠠ ᠪᠠᠷ ᠳᠠᠮᠵᠢᠨ᠂ ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠭᠦᠢᠴᠡᠳ ᠲᠠᠨᠢᠵᠤ᠂ ᠬᠤᠵᠢᠮ ᠪᠣᠳᠠᠲᠤ ᠠᠵᠢᠯᠯᠠᠭ᠎ᠠ ᠪᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠲᠥᠯᠥᠭᠡ ᠬᠦᠴᠦ ᠪᠠᠨ ᠨᠡᠮᠡᠷᠢᠯᠡᠶ᠎ᠡ᠃︾
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号