ᠬᠣ᠋ ᠵᠧᠩ ᠪᠢᠩ ᠮᠠᠨ ᠤ ᠲᠣᠭᠤᠷᠢᠭ ᠤᠨ ᠦᠢᠯᠡᠴᠢᠯᠡᠭᠡᠨ ᠤ ᠦᠢᠯᠡᠰ ᠪᠣᠯᠤᠨ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-08-26
     ᠲᠦᠷᠦᠭᠦᠬᠡᠨ᠂ ᠬᠤᠲᠠ ᠶᠢᠨ ᠨᠠᠮ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠦᠢᠯᠡᠴᠢᠯᠡᠭᠡᠨ ᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠣ᠋ ᠵᠧᠩ ᠪᠢᠩ ᠨᠡᠷ ᠰᠢᠭᠤᠶᠢᠲᠤ ᠲᠣᠭᠤᠷᠢᠭ ᠳᠤ ᠬᠦᠷᠴᠦ᠂ ᠦᠢᠯᠡᠴᠢᠯᠡᠭᠡᠨ ᠤ ᠦᠢᠯᠡᠰ ᠪᠠ ᠤᠳᠤ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠠᠵᠢᠯ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠡᠶ᠃
     ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠴᠠᠭᠠᠨ ᠰᠤᠳᠤᠯᠤᠭᠴᠢ ᠸᠠᠩ ᠺᠠᠩ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠶᠠᠨ ᠵᠢᠶᠠᠨ ᠫᠢᠩ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠯᠢ ᠫᠢᠩ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠰᠢᠨ ᠴᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠠᠶ ᠢᠦᠶ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠬᠣ᠋ ᠵᠧᠩ ᠪᠢᠩ ᠨᠡᠷ ᠤᠷᠢᠳ ᠬᠤᠵᠢᠳ ᠷᠣᠩ ᠰᠢᠨ ᠢᠮᠠᠭᠠᠨ ᠨᠣᠣᠯᠤᠷ ᠨᠡᠬᠡᠮᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧ ᠪᠠᠩ ᠡᠮ ᠡᠮᠨᠡᠯᠭᠡ ᠶᠢᠨ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ᠂ ᠪᠤᠭᠤᠲᠤ ᠶᠢᠨ ᠬᠤᠸᠠ ᠦ᠋ ᠷᠧᠨ ᠵᠶᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠪᠣᠯᠤᠨ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠬᠤᠷᠢᠶᠠᠵᠤ᠂ ᠬᠤᠯᠪᠣᠭᠳᠠᠯ ᠪᠦᠬᠦᠢ ᠠᠵᠢᠯ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃
ᠬᠣ᠋ ᠵᠧᠩ ᠪᠢᠩ ᠴᠢᠬᠤᠯᠠᠴᠢᠯᠠᠭᠰᠠᠨ ᠨᠢ      ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠨᠡᠮᠡᠭᠳᠡᠭᠦᠯᠬᠦ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠭᠤᠤᠯᠳᠠᠯᠭ᠎ᠠ ᠶᠢ ᠳᠣᠪᠤᠶᠢᠯᠭᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠵᠥᠷᠢᠶᠡᠲᠦ ᠬᠥᠭᠵᠢᠯᠲᠡ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠶ᠃ ᠨᠢᠭᠡᠳᠦᠯᠲᠡᠶ ᠳᠤ ᠲᠥᠯᠥᠪᠵᠢᠭᠦᠯᠦᠨ ᠰᠦᠪᠡᠭᠴᠢᠯᠡᠬᠦ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠲᠦᠮᠵᠢᠲᠡᠶ ᠡᠬᠢ ᠪᠠᠶᠠᠯᠢᠭ ᠢ ᠨᠡᠶᠢᠳᠬᠡᠵᠦ᠂ ᠡᠯ᠎ᠡ ᠵᠦᠢᠯ ᠤᠨ ᠠᠵᠢᠯ ᠶᠢᠨ ᠯᠠᠪᠳᠠᠭᠤᠨ ᠪᠦᠲᠦᠮᠵᠢᠲᠡᠶ ᠥᠷᠨᠢᠬᠦ ᠶᠢ ᠠᠬᠢᠭᠤᠯᠬᠤ ᠬᠡᠷᠡᠭᠲᠡᠶ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号