ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-27
     8 ᠰᠠᠷ᠎ᠠ ᠶᠢᠨ26 ᠤ ᠦᠳᠡ ᠶᠢᠨ ᠡᠮᠦᠨ᠎ᠡ᠂ ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠴᠢᠩ ᠵᠥᠩ ᠬᠤᠷᠠᠯ ᠢ ᠡᠷᠭᠢᠯᠡᠪᠡ᠃
     ᠬᠤᠷᠠᠯ ᠳᠡᠭᠡᠷ᠎ᠡ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠭᠡᠷ ᠤᠨ ︽ᠠᠭᠤᠯᠠᠨ ᠦᠶᠡᠷ ᠪᠠ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠤ ᠮᠡᠳᠡᠩᠳᠡᠯ ᠪᠠ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ ︽ᠪᠤᠭᠤᠲᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠣᠶᠢᠷ᠎ᠠ ᠬᠤᠭᠤᠴᠠᠭᠠᠨ ᠤ ᠬᠦᠨᠳᠦ ᠶᠡᠭᠡ ᠵᠢᠴᠢ ᠨᠡᠶᠢᠲᠡᠯᠢᠭ ᠠᠳᠡᠯ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠳᠤ ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠳᠤ ᠯᠠᠮᠠ ᠤᠨ ᠱᠠᠰᠢᠨ ᠤ ᠨᠣᠮ ᠤᠨ ᠬᠤᠷᠠᠯ ᠬᠢᠵᠦ᠂ ᠵᠤᠭᠠᠴᠠᠭᠰᠠᠳ ᠤᠨ ᠲᠤᠭ᠎ᠠ ᠨᠡᠮᠡᠭᠳᠡᠭᠰᠡᠨ ᠤ ᠬᠠᠮᠲᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠬᠤᠷ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠢ ᠲᠡᠷᠢᠭᠦᠨ ᠪᠠᠢᠷᠢᠨ ᠳᠤ ᠲᠠᠯᠪᠢᠵᠤ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠴᠢᠨᠠᠭᠰᠢᠳᠠ ᠪᠠᠲᠤ ᠪᠣᠶ ᠪᠣᠯᠭᠠᠬᠤ ᠬᠡᠷᠡᠭᠲᠡᠶ  ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠯᠠᠮᠠ ᠤᠨ ᠱᠠᠰᠢᠨ ᠤ ᠨᠣᠮ ᠤᠨ ᠬᠤᠷᠠᠯ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠦᠵᠡᠮᠵᠢ ᠶᠢᠨ ᠣᠷᠣᠨ ᠤ L E D ᠡᠯᠧᠺᠲᠷᠣᠨ ᠳᠡᠯᠭᠡᠴᠡ ᠶᠢ ᠠᠰᠢᠭᠯᠠ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠦᠬᠦᠢ ᠠᠭᠤᠯᠭ᠎ᠠ ᠶᠢ ᠨᠡᠪᠲᠡᠷᠡᠭᠦᠯᠬᠦ ᠬᠡᠷᠡᠭᠲᠡᠶ᠃ ᠳᠥᠷᠪᠡ ᠳᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠯᠠᠮᠠ ᠤᠨ ᠱᠠᠰᠢᠨ ᠤ ᠨᠣᠮ ᠤᠨ ᠬᠤᠷᠠᠯ ᠤᠨ ᠬᠤᠭᠤᠴᠠᠭᠠᠨ ᠳᠤ ᠦᠵᠡᠮᠵᠢ ᠶᠢᠨ ᠣᠷᠣᠨ ᠤ ᠬᠥᠮᠦᠰ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号