ᠰᠢᠭᠤᠶᠢᠲᠣ ᠠᠯᠪᠠᠨ ᠲᠠᠷᠬᠠᠭᠠᠭᠰᠠᠨ ︹ 2019 ︺ 27 ᠳ᠋ᠤᠭᠠᠷ ᠲᠣᠭᠠᠲᠤ | ᠭᠠᠷ ᠤᠨ ᠦᠰᠦᠭ ᠵᠢᠷᠤᠵᠤ ᠶᠠᠪᠤᠭᠤᠯᠤᠭᠴᠢ᠄ ᠵᠧᠩ ᠢᠦᠶ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2019 ᠤᠨ ᠳᠡᠭᠡᠷ᠎ᠡ | ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ | | ᠳᠡᠭᠡᠷ᠎ᠡ ᠬᠠᠭᠠᠰ ᠵᠢᠯ ᠳᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ | ᠪᠥᠬᠦ ᠲᠣᠭᠤᠷᠢᠭ ᠤᠨ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠪᠥᠬᠦ ᠲᠠᠯ᠎ᠠ ᠳᠤ ᠦᠢᠯᠡᠴᠢᠯᠡᠵᠦ᠂ | ᠤᠷᠢᠳᠴᠢᠯᠠᠨ ᠲᠥᠯᠥᠪᠯᠡᠵᠦ᠂ ︽ᠵᠢᠷᠤᠮᠵᠢᠭᠤᠯᠬᠤ ᠶᠢ ᠬᠦᠰᠡᠬᠦ᠂ ᠵᠣᠬᠢᠴᠠᠭᠤᠯᠬᠤ ᠶᠢ ᠴᠢᠬᠤᠯᠠᠴᠢᠯᠠᠬᠤ᠂ | ᠰᠢᠮᠳᠠᠭᠤᠯᠤᠨ ᠭᠦᠢᠴᠡᠳᠭᠡᠬᠦ ᠶᠢ ᠰᠢᠷᠭᠠᠭᠠᠬᠤ᠂ ᠬᠡᠪ ᠴᠢᠨᠠᠷ ᠢ ᠴᠢᠩᠭᠠᠳᠬᠠᠬᠤ︾ ᠪᠠᠷ ᠶᠡᠷᠦᠩᠬᠡᠶ ᠱᠠᠭᠠᠷᠳᠠᠯᠭ᠎ᠠ | ᠪᠣᠯᠭᠠᠵᠤ᠂ ᠵᠥᠪᠯᠡᠭᠴᠢ ᠡᠷᠢᠬᠦ᠂ ᠶᠡᠷᠦᠩᠬᠡᠶᠢᠯᠡᠨ ᠵᠣᠬᠢᠴᠠᠭᠤᠯᠬᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ | ᠬᠢᠬᠦ᠂ ᠰᠢᠮᠳᠠᠭᠤᠯᠤᠨ ᠪᠠᠶᠢᠴᠠᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠰᠠᠭ ᠤᠨ | ᠣᠷᠳᠣᠨ ᠤ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ | ᠪᠠᠲᠤᠯᠠᠪᠠ᠃ | ᠨᠢᠭᠡ᠂ ᠦᠢᠯᠡᠴᠢᠯᠡᠭᠡᠨ ᠤ ᠲᠥᠪ ᠤᠨ ᠶᠡᠭᠡ ᠪᠠᠶᠢᠳᠠᠯ ᠤᠨ ᠲᠣᠭᠤᠷᠢᠨ ᠳᠤ ᠰᠠᠶᠢᠨ ᠵᠥᠪᠯᠡᠭᠴᠢ ᠪᠠ | ᠲᠤᠰᠠᠯᠠᠭᠴᠢ ᠪᠣᠯᠬᠤ ᠪᠠᠷ ᠴᠢᠷᠮᠠᠶᠢᠬᠤ | ︵ᠨᠢᠭᠡ︶ ᠪᠢᠴᠢᠭ ᠮᠠᠲ᠋ᠧᠷᠢᠶᠠᠯ ᠡᠷᠬᠢᠯᠡᠨ ᠬᠤᠷᠠᠯ ᠡᠷᠬᠢᠯᠡᠬᠦ ᠶᠢ ᠵᠢᠷᠤᠮᠵᠢᠭᠤᠯᠬᠤ ᠬᠡᠷᠡᠭᠲᠡᠶ᠃ ᠨᠢᠭᠡ ᠳᠤ᠂ | ᠡᠬᠡ ᠪᠢᠴᠢᠭ ᠲᠤᠭᠤᠷᠪᠢᠬᠤ ᠳᠠᠭᠠᠨ ᠨᠢᠭᠲᠠ ᠠᠴᠠ ᠨᠢᠭᠲᠠ ᠪᠠᠶᠢᠵᠤ᠂ ᠡᠬᠡ ᠪᠢᠴᠢᠭ ᠰᠢᠢᠳᠪᠦᠷᠢᠯᠡᠬᠦ ᠶᠢ ᠠᠯᠪᠠᠨ | ᠭᠡᠷ ᠤᠨ ᠠᠵᠢᠯ ᠶᠢᠨ ᠰᠠᠭᠤᠷᠢ ᠪᠣᠯᠭᠠᠵᠤ᠂ ᠰᠣᠳᠣᠨ ᠪᠦᠲᠦᠭᠡᠯ ᠤᠨ ᠤᠬᠠᠮᠰᠠᠷ ᠪᠣᠯᠤᠨ ᠦᠷ᠎ᠡ ᠪᠦᠲᠦᠮᠵᠢ ᠶᠢᠨ | ᠤᠬᠠᠮᠰᠠᠷ ᠢᠶᠠᠨ ᠴᠢᠩᠭᠠᠳᠬᠠᠵᠤ᠂ ᠦᠰᠦᠭ ᠪᠢᠴᠢᠭ ᠤᠨ ᠮᠠᠲ᠋ᠧᠷᠢᠶᠠᠯ ᠤᠨ ᠦᠵᠡᠯ ᠰᠠᠨᠠᠭᠠᠴᠢ ᠴᠢᠨᠠᠷ᠂ ᠵᠢᠯᠣᠭᠤᠳᠬᠤ | ᠴᠢᠨᠠᠷ ᠪᠣᠯᠤᠨ ᠪᠣᠲᠠᠲᠠᠢ ᠪᠠᠶᠢᠳᠠᠯ ᠢ ᠳᠣᠪᠤᠶᠢᠯᠭᠠᠵᠤ᠂ ᠪᠢᠴᠢᠭ ᠢᠶᠠᠷ ᠵᠠᠰᠠᠭ ᠢ ᠬᠠᠪᠰᠤᠷᠬᠤ ᠶᠢ ᠪᠡᠶᠡᠯᠡᠭᠦᠯᠦᠨ᠎ᠡ᠃ | ᠬᠠᠭᠠᠰ ᠵᠢᠯ ᠤᠨ ᠲᠤᠷᠰᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠣᠭᠤᠷᠢᠭ ᠤᠨ ᠨᠠᠮ ᠤᠨ ᠬᠤᠷᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠵᠢᠷᠭᠤᠳᠤᠭᠠᠷ ᠪᠥᠬᠦᠳᠡ ᠬᠤᠷᠠᠯ ᠤᠨ ᠳ᠋ᠦᠩᠨᠡᠯᠲᠡ ᠶᠢᠨ ᠶᠠᠷᠢᠶ᠎ᠠ᠂ | ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠶᠠᠷᠢᠶ᠎ᠠ ᠵᠡᠷᠭᠡ | ᠶᠡᠷᠦᠩᠬᠡᠶᠢᠯᠡᠭᠰᠡᠨ ᠡᠬᠡ ᠪᠢᠴᠢᠭ᠂ ᠤᠳᠤᠷᠢᠳᠤᠯᠭ᠎ᠠ ᠶᠢᠨ ᠶᠠᠷᠢᠶ᠎ᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | 100 ᠭᠠᠷᠤᠶ ᠬᠤᠪᠢ ᠲᠤᠭᠤᠷᠪᠢᠵᠤ᠂ 50 ᠲᠦᠮᠡᠨ ᠦᠰᠦᠭ ᠲᠤ ᠬᠦᠷᠦᠭᠰᠡᠨ ᠪᠠᠶᠢᠨ᠎ᠠ᠃ ᠬᠤᠶᠠᠷ ᠲᠤ᠂ ᠠᠯᠪᠠᠨ | ᠪᠢᠴᠢᠭ ᠢ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠰᠢᠢᠳᠪᠦᠷᠢᠯᠡᠪᠡ᠃ ︽ᠲᠤᠭ᠎ᠠ ᠬᠡᠮᠵᠢᠶ᠎ᠡ ᠶᠢ | ᠪᠠᠭᠠᠰᠬᠠᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠪᠠᠷ ᠵᠠᠷᠴᠢᠮ ᠪᠣᠯᠭᠠᠨ᠂ ᠠᠯᠪᠠᠨ ᠪᠢᠴᠢᠭ ᠰᠢᠢᠳᠪᠦᠷᠢᠯᠡᠬᠦ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠢᠴᠢᠭ ᠮᠠᠲ᠋ᠧᠷᠢᠶᠠᠯ ᠬᠤᠷᠢᠶᠠᠬᠤ᠂ ᠲᠠᠷᠬᠠᠭᠠᠬᠤ᠂ | ᠳᠠᠮᠵᠢᠭᠤᠯᠬᠤ᠂ ᠬᠦᠷᠭᠡᠬᠦ᠂ ᠵᠥᠪᠰᠢᠶᠡᠷᠡᠬᠦ᠂ ᠵᠢᠭᠡᠯᠡᠬᠦ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠵᠠᠩᠭᠢᠯᠠᠭ᠎ᠠ ᠶᠢ ᠳᠡᠰ | ᠳᠠᠷᠠᠭᠠᠵᠢᠭᠤᠯᠬᠤ᠂ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠬᠡᠷᠡᠭᠲᠡᠶ᠃ ᠳᠡᠭᠡᠷ᠎ᠡ ᠬᠠᠭᠠᠰ ᠵᠢᠯ ᠳᠤ᠂ ᠡᠯ᠎ᠡ | ᠱᠠᠲᠤᠨ ᠤ ᠢᠷᠡᠭᠦᠯᠦᠭᠰᠡᠨ ᠪᠢᠴᠢᠭ 1594 ᠬᠤᠪᠢ ᠰᠢᠢᠳᠪᠦᠷᠢᠯᠡᠵᠦ᠂ 28 ᠬᠤᠪᠢ ᠨᠢᠭᠤᠴᠠ ᠴᠠᠬᠢᠯᠭᠠᠨ | ᠮᠡᠳᠡᠭᠡ ᠶᠢ ᠳᠠᠮᠵᠢᠭᠤᠯᠣᠨ ᠣᠩᠰᠢᠵᠣ᠂ 91 ᠬᠤᠪᠢ ᠨᠢᠭᠤᠴᠠ ᠪᠢᠴᠢᠭ ᠮᠠᠲ᠋ᠧᠷᠢᠶᠠᠯ᠂ 168 ᠬᠤᠪᠢ ᠡᠯ᠎ᠡ | ᠱᠠᠲᠤᠨ ᠤ ᠬᠤᠷᠠᠯ ᠢ ᠡᠷᠬᠢᠯᠡᠨ ᠬᠢᠵᠡᠶ᠃ ᠤᠯᠠᠮ ᠨᠢᠭᠡ ᠠᠯᠬᠤᠮ ᠵᠢᠷᠤᠮᠵᠢᠭᠤᠯᠬᠤ᠂ ᠪᠢᠴᠢᠭ ᠮᠠᠲ᠋ᠧᠷᠢᠶᠠᠯ ᠢ | ᠴᠣᠮᠬᠠᠳᠬᠠᠬᠤ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠲᠠᠷᠬᠠᠭᠠᠭᠰᠠᠨ ᠪᠢᠴᠢᠭ ᠮᠠᠲ᠋ᠧᠷᠢᠶᠠᠯ ᠢ 304 ᠬᠤᠪᠢ | ᠰᠢᠢᠳᠪᠦᠷᠢᠯᠡᠵᠦ᠂ 2018 ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ︽ᠳᠥᠷᠪᠡᠨ ᠲᠥᠷᠥᠯ ᠤᠨ | ᠪᠢᠴᠢᠭ ᠮᠠᠲ᠋ᠧᠷᠢᠶᠠᠯ︾ ︵ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢᠨ ᠪᠦᠷᠢᠯᠳᠦᠬᠦᠨ ᠤ ᠲᠥᠷᠥᠯ ᠤᠨ ᠪᠢᠴᠢᠭ ᠮᠠᠲ᠋ᠧᠷᠢᠶᠠᠯ᠂ ᠨᠡᠪᠲᠡᠷᠡᠭᠦᠯᠬᠦ ᠲᠥᠷᠥᠯ ᠤᠨ ᠪᠢᠴᠢᠭ | ᠮᠠᠲ᠋ᠧᠷᠢᠶᠠᠯ᠂ ᠠᠵᠢᠯ ᠤᠨ ᠪᠠᠶᠢᠷᠢᠯᠠᠭᠤᠯᠤᠯᠲᠠ ᠶᠢᠨ ᠲᠥᠷᠥᠯ ᠤᠨ ᠪᠢᠴᠢᠭ ᠮᠠᠲ᠋ᠧᠷᠢᠶᠠᠯ︶ ᠢ ᠴᠣᠮᠬᠠᠳᠬᠠᠭᠰᠠᠨ | ᠬᠠᠷᠢᠴᠠᠯ ᠢ 35.82 % ᠳᠤ ᠬᠦᠷᠦᠪᠡ᠃ ᠭᠤᠷᠪᠠ ᠳᠤ᠂ ᠬᠤᠷᠠᠯ ᠤᠨ ᠶᠠᠪᠤᠳᠠᠯ ᠤᠨ ᠵᠢᠷᠤᠮᠵᠢᠯ ᠨᠠᠷᠢᠨ ᠨᠢᠭᠲᠠ᠃ | ᠬᠤᠷᠠᠯ ᠢ ᠵᠣᠬᠢᠶᠠᠨ ᠪᠠᠶᠢᠭᠤᠯᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠷᠠᠯ ᠠᠴᠠ | ᠡᠮᠦᠨ᠎ᠡ ᠭᠦᠢᠴᠡᠳ ᠪᠡᠯᠡᠳᠬᠡᠬᠦ᠂ ᠬᠤᠷᠠᠯ ᠤᠨ ᠳᠤᠮᠳᠠ ᠢᠳᠡᠪᠬᠢᠲᠡᠢ ᠦᠢᠯᠡᠴᠢᠯᠡᠬᠦ᠂ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠬᠤᠷᠠᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠬᠠᠭᠠᠰ | ᠵᠢᠯ ᠤᠨ ᠲᠤᠷᠰᠢ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯᠳᠤᠭᠠᠨ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ | ᠪᠥᠬᠦᠳᠡ ᠬᠤᠷᠠᠯ ᠵᠡᠷᠭᠡ 10 ᠭᠠᠷᠤᠶ ᠤᠳᠠᠭᠠᠨ ᠤ ᠵᠠᠰᠠᠭ ᠤᠨ ᠣᠷᠳᠣᠨ ᠤ ᠰᠢᠰᠲ᠋ᠧᠮ ᠤᠨ ᠪᠥᠬᠦᠳᠡ ᠬᠤᠷᠠᠯ ᠢ | ᠬᠤᠷᠠᠯᠳᠤᠭᠤᠯᠬᠤ ᠪᠠᠷ ᠪᠡᠯᠡᠳᠭᠡᠪᠡ︔ ᠵᠠᠰᠠᠭ ᠤᠨ ᠣᠷᠳᠣᠨ ᠤ ᠬᠤᠷᠠᠯ ᠢ 13 ᠤᠳᠠᠭ᠎ᠠ᠂ ᠵᠠᠰᠠᠭ ᠤᠨ ᠣᠷᠳᠣᠨ ᠤ | ᠨᠠᠮ ᠤᠨ ᠳᠤᠭᠤᠶᠢᠯᠠᠩ ᠤᠨ ᠬᠤᠷᠠᠯ ᠢ 6 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯᠯᠠᠬᠤ | ᠬᠤᠷᠠᠯ ᠢ 30 ᠭᠠᠷᠤᠶ ᠤᠳᠠᠭ᠎ᠠ ᠬᠤᠷᠠᠯᠳᠤᠭᠤᠯᠪᠠ᠃ | ︵ᠬᠤᠶᠠᠷ︶ ᠮᠡᠳᠡᠭᠡ ᠵᠠᠩᠭᠢ ᠶᠢᠨ ᠠᠵᠢᠯ᠃ ᠮᠡᠳᠡᠭᠡ ᠵᠠᠩᠭᠢ ᠮᠡᠳᠡᠭᠦᠯᠦᠨ ᠬᠦᠷᠭᠡᠵᠦ ᠬᠢᠨᠠᠨ ᠰᠢᠯᠭᠠᠬᠤ | ᠳᠦᠷᠢᠮ ᠢ ᠬᠦᠴᠦᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠠᠷᠭ᠎ᠠ ᠵᠠᠮ ᠢ ᠪᠦᠲᠦᠮᠵᠢᠲᠡᠶ ᠪᠠᠷ ᠥᠷᠭᠡᠳᠬᠡᠨ᠎ᠡ᠃ | ᠳᠡᠭᠡᠷ᠎ᠡ ᠬᠠᠭᠠᠰ ᠵᠢᠯ ᠳᠤ᠂ ᠬᠤᠲᠠ ᠶᠢᠨ ᠵᠠᠰᠠᠭ ᠤᠨ ᠣᠷᠳᠣᠨ ᠳᠤ 85 ᠵᠤᠷᠪᠤᠰ ᠮᠡᠳᠡᠭᠡ ᠵᠠᠩᠭᠢ᠂ 18 ᠵᠤᠷᠪᠤᠰ | ᠰᠤᠷᠪᠤᠯᠵᠢᠯᠠᠨ ᠨᠠᠶᠢᠷᠠᠭᠤᠯᠵᠤ᠂ ᠨᠡᠶᠢᠲᠡ225 ᠬᠤᠪᠢ ᠣᠯᠵᠠᠶ︔ ︽ᠵᠠᠰᠠᠭ ᠤᠨ ᠣᠷᠳᠣᠨ ᠤ ᠠᠵᠢᠯ ᠤᠨ ᠪᠠᠶᠢᠳᠠᠯ | ︵ᠡᠳᠦᠷ ᠪᠦᠷᠢ ᠶᠢᠨ ᠲᠤᠰᠬᠠᠶ ᠰᠣᠨᠢᠨ︶︾ 67 ᠬᠤᠭᠤᠴᠠᠭ᠎ᠠ ᠶᠢ ᠨᠠᠶᠢᠷᠠᠭᠤᠯᠤᠨ ᠨᠡᠶᠢᠲᠡᠯᠡᠵᠦ᠂ | ᠤᠳᠤᠷᠢᠳᠤᠯᠭ᠎ᠠ ᠳᠤ ᠯᠠᠪᠯᠠᠯᠲᠠ ᠬᠠᠩᠭᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠰᠢᠨ᠎ᠡ ᠬᠡᠪᠯᠡᠯ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠬᠡᠪᠯᠡᠯ ᠢ | ᠥᠭᠡᠷᠡᠴᠢᠯᠡᠬᠦ ᠠᠵᠢᠯ ᠢ ᠪᠡᠶᠡᠯᠡᠭᠦᠯᠵᠦ᠂ 3 ᠳ᠋ᠤᠭᠠᠷ ᠰᠠᠷ᠎ᠠ ᠶᠢᠨ 15 ᠤ ᠡᠳᠦᠷ᠂ ᠪᠥᠬᠦ ᠣᠷᠣᠨ ᠳᠤ ᠵᠠᠰᠠᠭ ᠤᠨ | ᠣᠷᠳᠣᠨ ᠤ ᠫᠤᠷᠲ᠋ᠧᠯ ᠰᠦᠯᠵᠢᠶ᠎ᠡ ᠶᠢᠨ ᠰᠦᠯᠵᠢᠶᠡᠨ ᠳᠤ ᠭᠠᠷᠬᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ | ᠬᠦᠷᠭᠡᠬᠦ ᠵᠢᠴᠢ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠬᠡᠷᠡᠭᠯᠡᠯᠲᠡ ᠶᠢᠨ ᠠᠵᠢᠯ ᠢ ᠲᠤᠬᠢᠷᠠᠭᠤᠯᠤᠨ | ᠪᠠᠶᠢᠷᠢᠯᠠᠭᠤᠯᠵᠤ᠂ ᠰᠦᠯᠵᠢᠶ᠎ᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢ ᠢᠳᠡᠪᠬᠢᠲᠡᠢ ᠰᠠᠶᠢᠲᠤᠷ ᠬᠢᠪᠡ᠃ ᠨᠡᠶᠢᠲᠡ 195 ᠵᠤᠷᠪᠤᠰ ᠮᠡᠳᠡᠭᠡ ᠵᠠᠩᠭᠢ᠂ 126 | ᠵᠤᠷᠪᠤᠰ ᠮᠣᠩᠭᠤᠯ ᠰᠦᠯᠵᠢᠶᠡᠨ ᠤ ᠥᠷᠲᠡᠭᠡ ᠶᠢ ᠣᠷᠴᠢᠭᠤᠯᠤᠨ ᠨᠡᠶᠢᠲᠡᠯᠡᠵᠡᠶ᠃ 2019 ᠤᠨ 6 ᠰᠠᠷ᠎ᠠ ᠳᠤ᠂ | ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢᠨ ᠬᠠᠮᠢᠶᠠᠷᠤᠯᠲᠠ᠂ ᠮᠣᠩᠭᠤᠯ ᠰᠦᠯᠵᠢᠶᠡᠨ ᠤ ᠥᠷᠲᠡᠭᠡ ᠶᠢᠨ | ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠳᠤ ᠰᠢᠯᠵᠢᠭᠦᠯᠦᠨ ᠲᠤᠰᠢᠶᠠᠬᠤ ᠶᠢᠨ ᠬᠠᠮᠲᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠪᠡᠶᠡᠯᠡᠭᠦᠯᠵᠦ᠂ ᠠᠵᠢᠯ ᠶᠢᠨ | ᠵᠣᠯᠭᠠᠭᠤᠯᠤᠯᠲᠠ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ | ︵ᠭᠤᠷᠪᠠ︶ ᠶᠡᠷᠦᠩᠬᠡᠶᠢᠯᠡᠨ ᠵᠣᠬᠢᠴᠠᠭᠤᠯᠵᠤ ᠠᠵᠢᠯᠯᠠᠭᠤᠯᠤᠭᠠᠳ ᠥᠨᠳᠥᠷ ᠦᠷ᠎ᠡ ᠪᠦᠲᠦᠮᠵᠢᠲᠡᠶ ᠪᠠᠶᠢᠯᠭᠠᠨ᠎ᠠ | ᠃ ᠨᠢᠭᠡ ᠳᠤ᠂ ᠳᠣᠷᠣᠭᠰᠢ ᠤᠯᠠᠮᠵᠢᠯᠠᠬᠤ ᠶᠢ ᠠᠯᠢ ᠪᠣᠯᠬᠤ ᠪᠠᠷ ᠲᠦᠷᠭᠡᠨ ᠪᠣᠯᠭᠠᠬᠤ ᠬᠡᠷᠡᠭᠲᠡᠶ᠃ ᠨᠡᠶᠢᠲᠡᠯᠡᠨ | ᠬᠡᠷᠡᠭᠵᠢᠭᠦᠯᠦᠭᠰᠡᠨ ᠴᠢᠬᠤᠯᠠ ᠪᠢᠴᠢᠭ ᠮᠠᠲ᠋ᠧᠷᠢᠶᠠᠯ ᠪᠠ ᠤᠳᠤᠷᠢᠳᠤᠯᠭ᠎ᠠ ᠶᠢᠨ ᠴᠣᠬᠤᠯᠠᠪᠤᠷᠢ ᠶᠢ ᠴᠠᠭ ᠲᠤᠬᠠᠶ ᠳᠤᠨᠢ | ᠰᠢᠯᠵᠢᠭᠦᠯᠦᠨ ᠰᠢᠢᠳᠪᠦᠷᠢᠯᠡᠵᠦ᠂ ᠮᠥᠷᠳᠡᠨ ᠰᠢᠮᠳᠠᠭᠤᠯᠤᠨ ᠰᠢᠢᠳᠪᠦᠷᠢᠯᠡᠭᠦᠯᠪᠡ︔ ᠰᠠᠯᠠᠭ᠎ᠠ ᠮᠥᠴᠢᠷ ᠤᠳ ᠤᠨ | ᠬᠤᠭᠤᠷᠣᠨᠳᠣ ᠪᠠᠨ ᠨᠡᠪᠲᠡᠷᠡᠯᠴᠡᠬᠦ ᠴᠢᠬᠤᠯᠠ ᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ | ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠵᠠᠷᠯᠢᠭ ᠤᠨ | ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠳᠡᠭᠡᠭᠰᠢ ᠮᠡᠳᠡᠭᠦᠯᠬᠦ ᠳᠡᠭᠡᠨ | ᠡᠷᠬᠡᠪᠰᠢ ᠣᠨᠣᠪᠴᠢᠲᠠᠶ ᠪᠠᠶᠢᠬᠤ ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠬᠢᠨᠠᠮᠠᠭᠠᠶ ᠬᠠᠮᠵᠢᠯᠴᠠᠨ | ᠳᠣᠤᠷᠠᠬᠢ ᠪᠠᠶᠢᠳᠠᠯ ᠢ ᠡᠵᠡᠮᠰᠢᠭᠦᠯᠵᠦ᠂ ᠦᠨᠳᠦᠰᠦᠨ ᠱᠠᠲᠤ ᠪᠠ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠰᠣᠯᠢᠯᠴᠠᠭ᠎ᠠ ᠪᠠᠨ ᠴᠢᠩᠭᠠᠳᠬᠠᠨ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠢ ᠣᠨᠣᠪᠴᠢᠲᠠᠶ ᠡᠵᠡᠮᠰᠢᠬᠦ ᠶᠢᠨ | ᠬᠠᠮᠲᠤ ᠤᠳᠤᠷᠢᠳᠤᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠭᠤᠷᠪᠠ ᠳᠤ᠂ ᠵᠣᠬᠢᠴᠠᠩᠭᠤᠶ | ᠪᠥᠭᠡᠳ ᠰᠠᠨᠠᠭᠠᠴᠢᠯᠠᠭ᠎ᠠ ᠲᠠᠢ ᠪᠠᠶᠢᠬᠤ ᠶᠢ ᠱᠠᠭᠠᠷᠳᠠᠨ᠎ᠠ᠃ ᠤᠳᠤᠷᠢᠳᠤᠯᠭ᠎ᠠ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠬᠠᠪᠰᠤᠷᠤᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠵᠦ᠂ | ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠶᠢᠲᠤᠷ ᠵᠥᠪᠯᠡᠭᠴᠢ ᠪᠣᠯᠵᠤ᠂ ᠪᠢᠴᠢᠭ | ᠮᠠᠲ᠋ᠧᠷᠢᠶᠠᠯ ᠰᠢᠢᠳᠪᠦᠷᠢᠯᠡᠵᠦ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ ᠢ ᠶᠡᠬᠡᠪᠡᠷ ᠴᠣᠮᠬᠠᠳᠬᠠᠵᠤ᠂ | ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ | ᠂ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ᠎ᠠ᠃ | ᠬᠤᠶᠠᠷ᠂ ᠬᠦᠴᠦᠨ ᠴᠢᠳᠠᠯ ᠢᠶᠠᠨ ᠪᠦᠲᠦᠮᠵᠢᠲᠡᠢ ᠪᠠᠳᠠᠷᠠᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ | ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ | ︵ᠨᠢᠭᠡ︶ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠨᠠᠩ ᠥᠨᠳᠥᠷ ᠦᠷ᠎ᠡ | ᠪᠦᠲᠦᠮᠵᠢᠲᠡᠶ ᠪᠣᠯᠭᠠᠨ᠎ᠠ᠃ ᠨᠠᠶᠢᠳᠠᠪᠤᠷᠢᠵᠢᠭᠤᠯᠤᠯᠲᠠ ᠶᠢ ᠰᠢᠮᠳᠠᠭᠤᠯᠬᠤ ᠶᠢ ᠢᠮᠠᠭᠲᠠ ᠴᠢᠬᠤᠯᠠ ᠠᠵᠢᠯ ᠪᠣᠯᠭᠠᠨ | ᠴᠢᠩᠭ᠎ᠠ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠨᠢᠭᠡ ᠳᠤ᠂ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠶᠡᠬᠡᠪᠡᠷ ᠲᠦᠯᠬᠢᠨ ᠠᠬᠢᠭᠤᠯᠪᠠ᠃ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠲᠤ ᠲᠣᠭᠲᠠᠭᠠᠭᠰᠠᠨ ᠭᠤᠣᠯᠳᠠᠯᠭ᠎ᠠ ᠲᠠᠢ ᠠᠵᠢᠯ ᠲᠤ᠂ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠲᠣᠭᠲᠠᠭᠠᠭᠰᠠᠨ ᠴᠢᠬᠤᠯᠠ ᠵᠦᠢᠯᠡᠰ ᠪᠣᠯᠤᠨ ᠤᠳᠤᠷᠢᠳᠤᠯᠭ᠎ᠠ ᠶᠢᠨ ᠴᠣᠬᠤᠯᠠᠪᠤᠷᠢ᠂ | ᠵᠢᠭᠠᠪᠤᠷᠢ ᠶᠢᠨ ᠵᠣᠷᠢᠭ ᠰᠠᠨᠠᠭ᠎ᠠ ᠲᠤ ᠴᠠᠭ ᠲᠤᠬᠠᠢ ᠲᠤᠨᠢ ᠮᠥᠷᠳᠡᠨ ᠰᠢᠮᠳᠠᠭᠤᠯᠤᠨ ᠪᠠᠶᠢᠴᠠᠭᠠᠬᠤ ᠠᠵᠢᠯ ᠢ | ᠥᠷᠨᠢᠭᠦᠯᠬᠦ ᠬᠡᠷᠡᠭᠲᠡᠢ᠃ ᠬᠠᠭᠠᠰ ᠵᠢᠯ ᠤᠨ ᠲᠤᠷᠰᠢ᠂ 12 ᠬᠤᠭᠤᠴᠠᠭ᠎ᠠ ᠱᠠᠯᠠᠪᠳᠠᠭᠤᠯᠤᠨ ᠪᠠᠶᠢᠴᠠᠭᠠᠬᠤ ᠮᠡᠳᠡᠭᠳᠡᠯ | ᠨᠠᠶᠢᠷᠠᠭᠤᠯᠤᠨ ᠲᠠᠷᠬᠠᠭᠠᠵᠤ᠂ ︽ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ︾ 10 ᠬᠤᠭᠤᠴᠠᠭ᠎ᠠ ᠶᠢ | ᠪᠦᠷᠢᠯᠳᠦᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠬᠦᠴᠦᠲᠡᠶ ᠠᠬᠢᠭᠤᠯᠪᠠ᠃ ᠬᠤᠶᠠᠷ ᠲᠤ᠂ ᠵᠠᠰᠠᠭ ᠤᠨ ᠶᠠᠪᠤᠳᠠᠯ ᠤᠨ ᠬᠠᠷᠢᠯᠴᠠᠨ ᠦᠢᠯᠡᠳᠦᠯᠴᠡᠬᠦ ᠶᠢ ᠢᠳᠡᠪᠬᠢᠲᠡᠢ | ᠥᠷᠨᠢᠭᠦᠯᠪᠡ᠃ ᠵᠠᠰᠠᠭ ᠤᠨ ᠣᠷᠳᠣᠨ ᠤ ᠬᠠᠯᠠᠮᠰᠢᠯ ᠤᠲᠠᠰᠤ ᠪᠠ ᠭᠠᠷ ᠤᠲᠠᠰᠤᠨ ᠤ ᠣᠬᠤᠷ ᠮᠡᠳᠡᠭᠡ ᠶᠢᠨ | ᠠᠷᠠᠳ ᠤᠨ ᠠᠮᠢᠳᠤᠷᠠᠯ ᠤᠨ ᠬᠠᠯᠠᠮᠰᠢᠯ ᠤᠲᠠᠰᠤ ᠶᠢ ᠤᠳᠤᠷᠢᠳᠤᠯᠭ᠎ᠠ ᠶᠢ ᠬᠠᠪᠰᠤᠷᠤᠨ ᠠᠷᠠᠳ ᠤᠨ ᠠᠮᠢᠳᠤᠷᠠᠯ ᠤᠨ | ᠠᠵᠢᠯ ᠢ ᠰᠠᠶᠢᠲᠤᠷ ᠠᠳᠬᠤᠬᠤ ᠴᠢᠬᠤᠯᠠ ᠲᠠᠪᠴᠠᠩ ᠪᠣᠯᠭᠠᠨ᠎ᠠ᠃ ᠬᠠᠭᠠᠰ ᠵᠢᠯ ᠤᠨ ᠲᠤᠷᠰᠢ᠂ ᠵᠠᠰᠠᠭ ᠤᠨ | ᠣᠷᠳᠣᠨ ᠤ ᠬᠠᠯᠠᠮᠰᠢᠯ ᠤᠲᠠᠰᠤ ᠡᠯ᠎ᠡ ᠲᠥᠷᠥᠯ ᠤᠨ ᠠᠰᠠᠭᠤᠳᠠᠯ ᠢ 158 ᠬᠤᠪᠢ ᠬᠦᠯᠢᠶᠡᠨ ᠠᠪᠴᠤ᠂ ᠭᠠᠷ | ᠤᠲᠠᠰᠤᠨ ᠤ ᠣᠬᠤᠷ ᠮᠡᠳᠡᠭᠡ ᠠᠷᠠᠳ ᠤᠨ ᠠᠮᠢᠳᠤᠷᠠᠯ ᠤᠨ ᠬᠠᠯᠠᠮᠰᠢᠯ ᠤᠲᠠᠰᠤ 26 ᠵᠤᠷᠪᠤᠰ ᠣᠯᠠᠨ ᠲᠦᠮᠡᠨ ᠤ | ᠢᠷᠡᠭᠦᠯᠦᠭᠰᠡᠨ ᠵᠠᠬᠢᠳᠠᠯ ᠢ ᠬᠠᠷᠢᠭᠤᠯᠵᠤ᠂ ᠬᠠᠷᠢᠭᠤ ᠵᠠᠬᠢᠳᠠᠯ ᠤᠨ ᠨᠣᠷᠮ᠎ᠠ 100 % ᠳᠤ ᠬᠦᠷᠴᠦ᠂ ᠰᠠᠶᠢᠨ | ᠰᠠᠶᠢᠬᠠᠨ ᠨᠡᠢᠭᠡᠮ ᠤᠨ ᠦᠷ᠎ᠡ ᠪᠦᠲᠦᠮᠵᠢ ᠶᠢ ᠣᠯᠵᠠᠶ᠃ ᠭᠤᠷᠪᠠ ᠳᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 86 ᠬᠤᠪᠢ ᠰᠠᠨᠠᠭᠤᠯᠭ᠎ᠠ ᠶᠢᠨ ᠰᠠᠨᠠᠯ ᠪᠠ 67 | ᠬᠤᠪᠢ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠠᠭ ᠲᠤᠬᠠᠶ ᠳᠤᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ᠂ ᠲᠦᠯᠬᠢᠨ ᠠᠬᠢᠭᠤᠯᠬᠤ ᠬᠤᠷᠠᠯ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ︽ᠨᠢᠭᠤᠷᠳᠠᠯᠴᠠᠨ︾ ᠨᠡᠪᠲᠡᠷᠡᠯᠴᠡᠨ ᠵᠥᠪᠳᠡᠯᠴᠡᠬᠦ | ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ | ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ | ︵ᠬᠤᠶᠠᠷ︶ ᠬᠠᠤᠯᠢ ᠳᠦᠷᠢᠮ ᠤᠨ ᠥᠭᠡᠷᠡᠴᠢᠯᠡᠯᠲᠡ ᠶᠢᠨ ᠠᠵᠢᠯ ᠵᠢᠷᠤᠮᠵᠢᠯ ᠲᠠᠢ ᠪᠥᠭᠡᠳ ᠡᠮᠬᠢ | ᠵᠢᠷᠤᠮ ᠲᠠᠢ ᠶᠠᠪᠤᠭᠳᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠡᠷᠡᠭ ᠡᠷᠬᠢᠯᠡᠬᠦ ᠶᠢ | ᠪᠠᠷᠢᠮᠲᠠᠯᠠᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠵᠠᠰᠠᠭ ᠤᠨ ᠣᠷᠳᠣᠨ ᠤ | ᠬᠠᠤᠯᠢ ᠳᠦᠷᠢᠮ ᠤᠨ ᠠᠵᠢᠯ ᠢ ᠶᠡᠬᠡᠪᠡᠷ ᠰᠠᠶᠢᠲᠤᠷ ᠬᠢᠨ᠎ᠡ᠃ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠳᠥᠷᠪᠡᠨ ᠶᠡᠭᠡ | ᠪᠠᠭ ᠤᠨ ᠭᠡᠷ᠎ᠡ ᠶᠢᠨ ᠬᠡᠯᠡᠯᠴᠡᠭᠡᠷ ᠢ ᠬᠢᠨᠠᠨ ᠬᠠᠷᠭᠤᠭᠤᠯᠵᠤ᠂ 70 ᠭᠠᠷᠤᠶ ᠬᠠᠤᠯᠢ ᠴᠠᠭᠠᠵᠠ ᠶᠢᠨ ᠰᠠᠨᠠᠯ ᠤᠨ ᠪᠢᠴᠢᠭ | ᠭᠠᠷᠭᠠᠪᠠ᠃ ᠵᠠᠰᠠᠭ ᠤᠨ ᠣᠷᠳᠣᠨ ᠤ ᠳᠡᠭᠡᠭᠰᠢ ᠶᠠᠪᠤᠭᠤᠯᠬᠤ ᠠᠯᠪᠠᠨ ᠪᠢᠴᠢᠭ ᠢ ᠬᠢᠨᠠᠨ ᠪᠠᠶᠢᠴᠠᠭᠠᠬᠤ ᠶᠢ | ᠵᠢᠷᠤᠮᠵᠢᠭᠤᠯᠵᠤ᠂ ᠵᠠᠰᠠᠭ ᠤᠨ ᠣᠷᠳᠣᠨ ᠤ ᠳᠡᠭᠡᠭᠰᠢ ᠮᠡᠳᠡᠭᠦᠯᠦᠭᠰᠡᠨ ᠵᠢᠭᠠᠪᠤᠷᠢ ᠠᠪᠬᠤ ᠲᠥᠷᠥᠯ ᠤᠨ ᠬᠠᠤᠯᠢ | ᠶᠣᠰᠣᠴᠢ ᠴᠢᠨᠠᠷ ᠤᠨ ᠲᠣᠳᠣᠷᠬᠠᠶᠢᠯᠠᠯᠲᠠ 10 ᠬᠤᠪᠢ ᠭᠠᠷᠭᠠᠪᠠ᠃ ᠵᠠᠰᠠᠭ ᠤᠨ ᠣᠷᠳᠣᠨ ᠢ ᠣᠷᠣᠯᠠᠨ | ᠵᠠᠷᠭᠤᠯᠳᠤᠬᠤ ᠬᠡᠷᠡᠭ 9 ᠬᠤᠪᠢ ᠪᠠᠶᠢᠨ᠎ᠠ᠃ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ | ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠠᠵᠤ ᠠᠬᠤᠢ ᠶᠢᠨ ᠪᠠᠶᠢᠭᠤᠯᠤᠯ ᠤᠨ ᠠᠮᠢ ᠠᠬᠤᠢ ᠶᠢᠨ ᠪᠣᠯᠪᠠᠰᠤᠨ ᠤ ᠳᠤᠭᠤᠶᠢᠯᠠᠩ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠬᠡ ᠳᠠᠩᠰᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠡᠬᠡ ᠳᠠᠩᠰᠠ᠂ ᠭᠤᠤᠯ ᠤᠳᠤᠷᠢᠳᠤᠯᠭ᠎ᠠ ᠲᠦᠷᠦᠭᠦᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠡᠭᠦᠷᠭᠡ ᠶᠢᠨ ᠡᠬᠡ ᠳᠠᠩᠰᠠ ᠶᠢ ᠪᠠᠶᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢᠨ ᠬᠥᠳᠡᠯᠦᠩᠭᠦᠶ | ᠪᠠᠶᠢᠳᠠᠯ ᠪᠠ ᠥᠭᠡᠷᠡᠴᠢᠯᠡᠯᠲᠡ ᠶᠢᠨ ᠮᠡᠳᠡᠭᠡ ᠵᠠᠩᠭᠢ ᠶᠢ ᠰᠠᠷ᠎ᠠ ᠪᠦᠷᠢ ᠮᠡᠳᠡᠭᠦᠯᠦᠨ ᠬᠦᠷᠭᠡᠨ᠎ᠡ᠃ | ︵ᠭᠤᠷᠪᠠ︶ ᠠᠵᠢᠯ ᠲᠤᠨᠢ ᠲᠣᠬᠢᠷᠠᠭᠤᠯᠣᠨ ᠬᠠᠪᠰᠤᠷᠤᠨ ᠲᠡᠳᠬᠦᠬᠦ ᠠᠵᠢᠯ ᠢ ᠨᠠᠷᠢᠯᠢᠭ ᠣᠨᠣᠪᠴᠢᠲᠠᠢ | ᠪᠥᠭᠡᠳ ᠪᠣᠳᠠᠲᠠᠢ ᠶᠢ ᠡᠷᠬᠢᠮᠯᠡᠨ᠎ᠡ᠃ ᠶᠠᠳᠠᠭᠤ ᠶᠢ ᠲᠡᠳᠬᠦᠬᠦ ᠠᠯᠪᠠᠨ ᠭᠡᠷ ᠡᠨᠡᠬᠦ ᠠᠵᠢᠯ ᠢ ᠳᠡᠭᠡᠲᠦ ᠬᠡᠮᠵᠢᠶ᠎ᠡ ᠪᠠᠷ | ᠴᠢᠬᠤᠯᠠᠴᠢᠯᠠᠵᠤ᠂ ︽ᠲᠣᠭᠲᠠᠮᠠᠯ ᠬᠤᠭᠤᠴᠠᠭ᠎ᠠ ᠲᠠᠢ ᠪᠠᠷ ᠬᠠᠪᠰᠤᠷᠤᠨ ᠲᠡᠳᠬᠦᠬᠦ ᠲᠣᠰᠬᠤᠨ ᠳᠤ ᠪᠠᠶᠢᠴᠠᠭᠠᠨ | ᠰᠤᠳᠤᠯᠤᠯᠲᠠ ᠬᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠦᠴᠢᠷᠳᠡᠯᠲᠡᠶ ᠣᠯᠠᠨ ᠲᠦᠮᠡᠨ ᠢ ᠰᠤᠷᠪᠤᠯᠵᠢᠯᠠᠬᠤ᠂ | ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ ᠬᠠᠪᠰᠤᠷᠤᠨ ᠲᠡᠳᠬᠦᠬᠦ ᠦᠷ᠎ᠡ ᠪᠦᠲᠦᠮᠵᠢ ᠣᠯᠬᠤ︾ | ᠬᠠᠪᠰᠤᠷᠤᠨ ᠲᠡᠳᠬᠦᠬᠦ ᠠᠵᠢᠯ ᠶᠢᠨ ᠰᠡᠳᠬᠢᠴᠡ ᠶᠣᠰᠣᠭᠠᠷ᠂ ᠠᠵᠢᠯ ᠪᠠᠴᠢᠮ᠂ ᠡᠭᠦᠷᠭᠡ ᠬᠦᠨᠳᠦ ᠪᠠᠶᠢᠳᠠᠯ ᠳᠣᠤᠷ᠎ᠠ᠂ | ᠲᠣᠰᠬᠤᠨ ᠢᠶᠠᠷ ᠶᠠᠪᠤᠵᠤ ᠡᠷᠦᠬᠡ ᠳᠤ ᠣᠴᠢᠬᠤ᠂ ᠲᠠᠷᠢᠶᠠᠨ ᠭᠠᠵᠠᠷ ᠲᠤ ᠭᠦᠨᠵᠡᠭᠡᠶᠢᠷᠡᠭᠦᠯᠬᠦ ᠵᠡᠷᠭᠡ ᠬᠡᠯᠪᠡᠷᠢ ᠪᠠᠷ | ᠳᠠᠮᠵᠢᠨ ᠣᠯᠠᠨ ᠤᠳᠠᠭ᠎ᠠ ᠪᠠᠢ ᠼᠠᠢ ᠭᠸᠣ ᠭᠠᠴᠠᠭ᠎ᠠ ᠳᠤ ᠬᠦᠷᠴᠦ ᠶᠠᠳᠠᠭᠤ ᠶᠢ ᠲᠡᠳᠬᠦᠬᠦ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠬᠢᠵᠦ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠬᠠᠭᠤᠯᠭ᠎ᠠ ᠬᠥᠮᠦᠵᠢᠯ ᠤᠨ ᠠᠵᠢᠯ | ᠵᠢᠴᠢ ᠶᠠᠳᠠᠭᠤ ᠶᠢ ᠲᠡᠳᠬᠦᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠥᠭᠡᠳ ᠤᠯᠠᠭᠠᠨ | ᠣᠷᠬᠤᠳᠠᠶ ᠲᠠᠷᠢᠬᠤ᠂ ᠨᠤᠲᠤᠭ ᠤᠨ ᠳᠠᠬᠢᠶ᠎ᠠ ᠲᠡᠵᠢᠭᠡᠨ ᠦᠷᠡᠵᠢᠭᠦᠯᠬᠦ ᠪᠣᠷᠣᠯᠠᠭᠤᠯᠬᠤ ᠵᠡᠷᠭᠡ ᠬᠠᠪᠰᠤᠷᠤᠨ ᠲᠡᠳᠬᠦᠬᠦ | ᠲᠥᠷᠥᠯ ᠵᠦᠢᠯ ᠤᠨ ᠲᠤᠬᠠᠶ ᠰᠠᠨᠠᠯ ᠢᠶᠠᠨ ᠰᠣᠯᠢᠯᠴᠠᠵᠤ ᠰᠢᠨᠵᠢᠯᠡᠨ ᠰᠤᠳᠤᠯᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢ ᠢᠳᠡᠪᠬᠢᠲᠡᠢ ᠳᠠᠮᠵᠢᠵᠤ᠂ ᠣᠨᠴᠠᠯᠢᠭ ᠲᠠᠢ ᠳᠠᠪᠠᠭᠤᠯᠢᠭ ᠲᠠᠢ ᠶᠠᠳᠠᠭᠤ ᠶᠢ ᠲᠡᠳᠬᠦᠬᠦ | ᠠᠵᠤ ᠦᠢᠯᠡᠰ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠠᠬᠢᠭᠤᠯᠪᠠ᠃ | ᠭᠤᠷᠪᠠ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠭᠤᠤᠯᠯᠠᠭᠤᠯᠤᠨ᠂ ᠡᠩᠨᠡᠭᠡᠨ ᠤ ᠬᠡᠪ | ᠴᠢᠨᠠᠷ ᠢ ᠴᠢᠷᠮᠠᠶᠢᠨ ᠳᠡᠭᠡᠭᠰᠢᠯᠡᠭᠦᠯᠪᠡ | ︵ᠨᠢᠭᠡ︶ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠬᠡᠪ ᠴᠢᠨᠠᠷ ᠢ ᠨᠢ ᠴᠢᠩᠭᠠᠳᠬᠠᠬᠤ ᠬᠡᠷᠡᠭᠲᠡᠶ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠭᠡᠰᠢᠭᠦᠨ ᠨᠢᠭᠡᠪᠦᠷᠢ | ᠰᠤᠷᠤᠯᠴᠠᠬᠤ ᠪᠠᠷ ᠭᠤᠤᠯ ᠪᠣᠯᠭᠠᠬᠤ᠂ ᠲᠥᠪᠯᠡᠷᠡᠭᠦᠯᠦᠨ ᠰᠤᠷᠤᠯᠴᠠᠬᠤ ᠪᠠᠷ ᠬᠠᠪᠰᠤᠷᠤᠮᠵᠢ ᠪᠣᠯᠭᠠᠬᠤ ᠬᠡᠯᠪᠡᠷᠢ ᠪᠠᠷ | ᠰᠤᠷᠤᠯᠴᠠᠯᠭ᠎ᠠ ᠶᠢ ᠥᠷᠨᠢᠭᠦᠯᠬᠦ ᠶᠢ ᠵᠣᠷᠢᠭᠵᠢᠭᠤᠯᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ︾ | A P P᠂ ︽ᠪᠤᠭᠤᠲᠤ ᠶᠢᠨ ᠪᠢᠴᠢᠯ ᠰᠤᠷᠤᠯᠴᠠᠯᠭ᠎ᠠ︾᠂ ︽ᠪᠤᠭᠤᠲᠤ ᠶᠢᠨ ᠶᠠᠷᠢᠶ᠎ᠠ︾᠂ ︽ᠦᠵᠡᠰᠭᠦᠯᠡᠩ | ᠰᠠᠶᠢᠬᠠᠨ ᠰᠢᠭᠤᠶᠢᠲᠣ ᠲᠣᠭᠤᠷᠢᠭ︾ ᠵᠡᠷᠭᠡ ᠡᠯ᠎ᠡ ᠲᠥᠷᠥᠯ ᠤᠨ ᠸᠢᠴᠠᠲ ᠲᠣᠪᠴᠢᠶ᠎ᠠ ᠶᠢᠨ ᠣᠯᠠᠨ ᠨᠡᠶᠢᠲᠡ ᠶᠢᠨ | ᠳ᠋ᠤᠭᠠᠷ᠂ ᠰᠣᠨᠢᠨ ᠰᠡᠳᠬᠦᠯ ᠵᠡᠷᠭᠡ ᠠᠴᠢᠶᠠᠯᠠᠪᠤᠷᠢ ᠶᠢ ᠭᠦᠢᠴᠡᠳ ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠤᠨ | ᠰᠤᠷᠤᠯᠴᠠᠯᠭ᠎ᠠ ᠬᠥᠮᠦᠵᠢᠯ ᠢ ᠦᠨᠡᠨᠬᠦ ᠴᠢᠩᠭᠠᠳᠬᠠᠨ᠎ᠠ᠃ | ︵ᠬᠤᠶᠠᠷ︶ ᠨᠡᠶᠢᠯᠡᠮᠡᠯ ᠬᠦᠴᠦᠨ ᠢ ᠲᠥᠪᠯᠡᠷᠡᠭᠦᠯᠦᠨ᠎ᠡ᠃ ᠤᠳᠤᠷᠢᠳᠬᠤ ᠪᠠᠭ ᠤᠨ ᠪᠦᠷᠢᠯᠳᠦᠬᠦᠨ ᠬᠠᠷᠢᠯᠴᠠᠨ | ᠰᠤᠷᠤᠯᠴᠠᠵᠤ᠂ ᠬᠠᠷᠢᠯᠴᠠᠨ ᠬᠦᠨᠳᠦᠳᠬᠡᠵᠦ᠂ ᠠᠵᠢᠯ ᠬᠤᠪᠢᠶᠠᠨ ᠬᠠᠮᠵᠢᠯᠴᠠᠵᠤ᠂ ᠨᠢᠭᠲᠠ ᠬᠠᠮᠵᠢᠯᠴᠠᠭᠰᠠᠨ ᠰᠠᠶᠢᠨ | ᠰᠠᠶᠢᠬᠠᠨ ᠪᠠᠶᠢᠳᠠᠯ ᠢ ᠪᠤᠢ ᠪᠣᠯᠭᠠᠪᠠ᠃ ᠠᠷᠠᠳᠴᠢᠯᠠᠯ ᠢ ᠡᠷᠬᠢᠮᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ | ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠪᠣᠯᠤᠨ ᠪᠦᠬᠦ ᠠᠵᠢᠯᠲᠠᠨ ᠤ ᠬᠤᠷᠠᠯ ᠢ ᠬᠤᠷᠠᠯᠳᠤᠭᠤᠯᠵᠤ᠂ ︽ | ᠭᠤᠷᠪᠠᠨ ᠴᠢᠬᠤᠯᠠ ᠨᠢᠭᠡ ᠶᠡᠭᠡ︾ ᠤᠴᠢᠷ ᠶᠠᠪᠤᠳᠠᠯ ᠢ ᠪᠦᠬᠦᠨ ᠢ ᠨᠠᠮ ᠤᠨ ᠤᠳᠤᠷᠢᠳᠬᠤ ᠳᠣᠭᠤᠶᠢᠯᠠᠩ ᠤᠨ | ᠬᠤᠷᠠᠯ ᠳᠤ ᠳᠡᠪᠰᠢᠭᠦᠯᠵᠦ ᠰᠤᠳᠤᠯᠤᠨ ᠰᠢᠢᠳᠪᠦᠷᠢᠯᠡᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ ᠪᠠ ᠠᠷᠠᠳᠴᠢᠯᠠᠬᠤ ᠶᠢ ᠪᠠᠲᠤᠯᠠᠵᠤ᠂ ᠬᠦᠴᠦᠷᠬᠡᠭ ᠶᠡᠭᠡ | ᠬᠦᠴᠦᠨ ᠨᠡᠮᠡᠷᠢᠯᠡᠬᠦ᠂ ᠬᠠᠮᠲᠤ ᠪᠠᠷ ᠬᠠᠮᠲᠤᠷᠠᠯ ᠬᠦᠴᠦᠨ ᠪᠣᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠠᠯᠪᠠᠨ | ᠭᠡᠷ ᠤᠨ ᠪᠦᠬᠦ ᠬᠥᠮᠦᠰ ᠤᠨ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ | ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ | ︵ᠭᠤᠷᠪᠠ︶ ᠨᠠᠮ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠠᠬᠢᠯᠡᠯᠲᠡ ᠶᠢ ᠴᠢᠩᠭᠠᠳᠬᠠᠬᠤ ᠬᠡᠷᠡᠭᠲᠡᠶ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠵᠢᠷᠤᠮᠵᠢᠭᠤᠯᠵᠤ᠂ ᠠᠵᠢᠯ ᠶᠢᠨ ᠬᠡᠷᠡᠭᠴᠡᠭᠡ ᠪᠠᠨ | ᠦᠨᠳᠦᠰᠦᠯᠡᠨ᠂ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠳᠤ ᠴᠣᠬᠢᠯᠲᠠ ᠥᠭᠴᠦ᠂ ᠨᠠᠮ ᠤᠨ | ᠳᠣᠭᠤᠶᠢᠯᠠᠩ ᠢ ᠳᠠᠬᠢᠨ ᠬᠤᠪᠢᠶᠠᠷᠢᠯᠠᠵᠤ᠂ ᠳᠠᠷᠠᠭᠠᠴᠢ ᠶᠢᠨ ᠠᠯᠬᠤᠮ ᠤᠨ ᠨᠠᠮ ᠤᠨ ᠡᠭᠦᠷ ᠤᠨ ᠬᠤᠭᠤᠴᠠᠭ᠎ᠠ | ᠰᠣᠯᠢᠬᠤ ᠠᠵᠢᠯ ᠳᠤ ᠰᠠᠶᠢᠨ ᠰᠠᠭᠤᠷᠢ ᠲᠠᠯᠪᠢᠪᠠ︔ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠢ | ᠲᠥᠪ ᠴᠢᠩᠭ᠎ᠠ ᠪᠣᠯᠭᠠᠵᠤ᠂ ︽ᠰᠢᠨ᠎ᠡ ᠪᠠᠶᠢᠳᠠᠯ ᠳᠣᠤᠷᠠᠬᠢ ᠨᠠᠮ ᠤᠨ ᠳᠣᠲᠣᠭᠠᠳᠤ ᠶᠢᠨ ᠤᠯᠤᠰ ᠲᠥᠷᠦ ᠶᠢᠨ | ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠢ ᠲᠣᠣᠱᠯᠠᠭᠤᠯᠣᠨ ᠨᠠᠢᠳᠠᠪᠤᠷᠢᠵᠢᠭᠤᠯᠬᠤ᠂ ︽ᠭᠤᠷᠪᠠᠨ ᠬᠤᠷᠠᠯ | ᠨᠢᠭᠡ ᠬᠢᠴᠢᠶᠡᠯ︾᠂ ᠵᠣᠬᠢᠶᠠᠨ ᠪᠠᠶᠢᠭᠤᠯᠣᠯᠲᠠ ᠶᠢᠨ ᠠᠮᠢᠳᠣᠷᠠᠯ ᠤᠨ ᠬᠤᠷᠠᠯ᠂ ᠭᠤᠤᠯ ᠰᠡᠳᠦᠪᠲᠦ ᠨᠠᠮ ᠤᠨ ᠡᠳᠦᠷ | ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠵᠣᠬᠢᠶᠠᠨ ᠪᠠᠶᠢᠭᠤᠯᠣᠯᠲᠠ ᠶᠢᠨ ᠳᠦᠷᠢᠮ ᠢ ᠪᠠᠷᠢᠮᠲᠠᠯᠠᠵᠤ᠂ ︽ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2019 ᠤᠨ ᠨᠠᠮ ᠤᠨ | ᠡᠭᠦᠷ ᠤᠨ ᠭᠤᠷᠪᠠᠨ ᠵᠦᠢᠯ ᠤᠨ ᠳᠦᠷᠢᠮ︾ ᠢ ᠰᠤᠳᠤᠯᠤᠨ ᠲᠣᠭᠲᠠᠭᠠᠪᠠ᠃ ᠢᠳᠡᠷᠡᠭᠦᠨ ᠠᠯᠬᠤᠬᠤ ᠶᠢ ᠢᠳᠡᠪᠬᠢᠲᠡᠢ | ᠵᠦᠬᠢᠶᠠᠨ ᠪᠠᠶᠢᠭᠤᠯᠵᠣ᠂ ᠠᠯᠪᠠᠨ ᠵᠢᠷᠤᠮ ᠤᠨ ᠮᠣᠳᠣ ᠲᠠᠷᠢᠬᠤ᠂ ᠪᠣᠣ ᠭᠠᠩ ᠪᠦᠯᠦᠭᠯᠡᠯ ︵ᠺᠣᠮᠫᠠᠨᠢ︶ ᠢ ᠲᠣᠭᠤᠷᠢᠨ | ᠦᠵᠡᠬᠦ ᠪᠠ ᠬᠥᠨᠳᠡᠯᠡᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠴᠡᠴᠡᠷᠯᠢᠭ᠂ ᠨᠠᠮ ᠳᠤ ᠣᠷᠣᠬᠤ | ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠬᠦ᠂ ᠨᠠᠮ ᠤᠨ ᠬᠢᠴᠢᠶᠡᠯ ᠣᠷᠣᠬᠤ ᠵᠡᠷᠭᠡ ᠣᠯᠠᠨ ᠶᠠᠩᠵᠤ ᠶᠢᠨ | ᠬᠡᠯᠪᠡᠷᠢ ᠶᠢᠨ ᠨᠠᠮ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠣᠨ ᠥᠷᠨᠢᠭᠦᠯᠵᠦ᠂ ᠵᠣᠬᠢᠶᠠᠨ | ᠪᠠᠶᠢᠭᠤᠯᠣᠯᠲᠠ ᠶᠢᠨ ᠢᠳᠡᠪᠬᠢᠲᠡᠢ ᠥᠷᠨᠢᠭᠦᠯᠦᠭᠰᠡᠨ ᠪᠠᠶᠢᠳᠠᠯ ᠢ ᠵᠢᠷᠤᠮᠵᠢᠭᠤᠯᠤᠨ ᠲᠡᠮᠳᠡᠭᠯᠡᠵᠦ᠂ ᠨᠠᠮ ᠤᠨ | ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ | ᠵᠠᠷᠴᠢᠮᠲᠤ ᠴᠢᠨᠠᠷ ᠪᠠ ᠳᠠᠶᠢᠴᠢᠨ ᠴᠢᠨᠠᠷ ᠢ ᠬᠦᠴᠦᠯᠡᠨ ᠴᠢᠩᠭᠠᠳᠬᠠᠨ᠎ᠠ᠃ ︽ᠬᠤᠶᠠᠷ ᠳᠡᠭᠡᠭᠰᠢᠭᠦᠯᠦᠨ ᠭᠤᠷᠪᠠ ᠶᠢ | ᠬᠦᠴᠦᠷᠬᠡᠭᠵᠢᠭᠦᠯᠬᠦ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠬᠦᠴᠦᠲᠡᠶ ᠠᠳᠬᠤᠵᠤ᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠨᠠᠮ ᠤᠨ ᠡᠭᠦᠷ ᠤᠨ ︿ᠬᠤᠶᠠᠷ ᠢ ᠳᠡᠭᠡᠭᠰᠢᠯᠡᠭᠦᠯᠦᠨ ᠭᠤᠷᠪᠠ ᠶᠢ ᠬᠦᠴᠦᠷᠬᠡᠭᠵᠢᠭᠦᠯᠬᠦ﹀ ᠭᠤᠤᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠤᠤᠯ ᠰᠡᠳᠦᠪᠲᠦ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠲᠦᠯᠬᠢᠨ | ᠠᠬᠢᠭᠤᠯᠪᠠ᠃ ᠨᠠᠮ ᠤᠨ ᠰᠦᠢᠢᠳᠭᠡᠯ ᠬᠤᠷᠢᠶᠠᠬᠤ ᠠᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠨᠢᠭᠡᠪᠦᠷᠢ | ᠲᠣᠭᠲᠠᠭᠰᠠᠨ ᠪᠠᠷᠢᠮᠵᠢᠶ᠎ᠠ ᠶᠣᠰᠣᠭᠠᠷ ᠲᠣᠰ ᠰᠠᠷ᠎ᠠ ᠶᠢᠨ ᠨᠠᠮ ᠤᠨ ᠰᠦᠢᠢᠳᠭᠡᠯ ᠢᠶᠠᠨ ᠲᠤᠰᠢᠶᠠᠬᠤ ᠶᠢᠨ ᠬᠠᠮᠲᠤ | ᠲᠤᠰᠬᠠᠶ ᠬᠥᠮᠦᠨ ᠢᠶᠠᠷ ᠬᠠᠷᠢᠭᠤᠴᠠᠭᠤᠯᠤᠨ ᠬᠤᠷᠢᠶᠠᠬᠤ ᠪᠠ ᠬᠠᠮᠢᠶᠠᠷᠤᠭᠤᠯᠤᠨ᠎ᠠ᠃ ᠵᠢᠷᠤᠮ ᠢ ᠴᠢᠩᠳᠠᠯᠠᠵᠤ ᠨᠠᠮ ᠤᠨ | ᠭᠡᠰᠢᠭᠦᠨ ᠢ ᠬᠦᠭᠵᠢᠭᠦᠯᠬᠦ᠂ ᠳᠡᠭᠡᠷ᠎ᠡ ᠬᠠᠭᠠᠰ ᠵᠢᠯ ᠳᠤ ᠨᠠᠮ ᠳᠤ ᠣᠷᠣᠬᠤ ᠢᠳᠡᠪᠬᠢᠲᠡᠢ ᠡᠲᠡᠭᠡᠳ 2 ᠨᠡᠷ᠎ᠡ᠂ | ᠬᠥᠮᠦᠵᠢᠭᠦᠯᠬᠦ ᠡᠲᠡᠭᠡᠳ 1 ᠨᠡᠷ᠎ᠡ ᠲᠣᠭᠲᠠᠭᠠᠵᠤ᠂ ᠨᠠᠮ ᠤᠨ ᠭᠡᠰᠢᠭᠦᠨ ᠤ ᠡᠩᠨᠡᠭᠡ ᠶᠢᠨ ᠪᠡᠯᠡᠳᠬᠡᠯ ᠬᠦᠴᠦᠨ ᠢ | ᠲᠡᠭᠦᠯᠳᠡᠷᠵᠢᠭᠦᠯᠪᠡ᠃ | ︵ᠲᠦᠷᠪᠡ︶ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠯᠪᠠᠨ ᠭᠡᠷ ᠤᠨ ᠴᠢᠬᠤᠯᠠ ᠰᠤᠷᠤᠯᠴᠠᠬᠤ ᠠᠭᠤᠯᠭ᠎ᠠ ᠳᠤ | ᠣᠷᠣᠭᠤᠯᠵᠤ᠂ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠤᠨ | ᠲᠤᠰᠬᠠᠶ ᠰᠡᠳᠦᠪᠲᠦ ᠬᠥᠮᠦᠵᠢᠯ ᠢ ᠴᠢᠩᠭᠠᠳᠬᠠᠵᠤ᠂ ᠵᠥᠪ ᠣᠨᠣᠪᠴᠢᠲᠠᠶ ᠤᠯᠤᠰ ᠲᠥᠷᠦ ᠶᠢᠨ ᠴᠢᠭᠯᠡᠯ ᠢ ᠪᠠᠲᠤ | ᠡᠵᠡᠮᠳᠡᠬᠦ ᠬᠡᠷᠡᠭᠲᠡᠶ᠃ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ | ᠰᠤᠳᠤᠯᠤᠨ ᠨᠠᠢᠳᠠᠪᠤᠷᠢᠵᠢᠭᠤᠯᠬᠤ᠂ ᠰᠡᠷᠡᠮᠵᠢ ᠶᠢᠨ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠥᠷᠨᠢᠭᠦᠯᠦᠨ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ | ᠴᠢᠩᠭᠠᠳᠬᠠᠪᠠ᠃ ᠡᠯ᠎ᠡ ᠵᠦᠢᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠤᠴᠢᠷ ᠶᠠᠪᠤᠳᠠᠯ ᠢ ᠰᠢᠢᠳᠪᠦᠷᠢᠯᠡᠵᠦ᠂ | ᠪᠡᠯᠡ ᠮᠥᠩᠭᠦ ᠶᠢ ᠵᠦᠶ ᠵᠣᠬᠢᠰᠲᠠᠶ ᠬᠡᠷᠡᠭᠯᠡᠬᠦ ᠶᠢ ᠪᠠᠲᠤᠯᠠᠵᠤ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠤᠪᠢ ᠪᠡᠶ᠎ᠡ ᠶᠢᠨ ᠳᠦᠷᠢ ᠲᠥᠷᠬᠦ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠨᠥᠬᠦᠳ ᠨᠢᠭᠡᠪᠦᠷᠢ ᠴᠥᠮ | ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ ᠲᠤᠬᠠᠶ ᠭᠦᠢᠴᠡᠳ ᠲᠠᠨᠢᠵᠤ᠂ ᠴᠠᠭ ᠢᠮᠠᠭᠲᠠ ᠪᠡᠶ᠎ᠡ ᠪᠠᠨ | ᠬᠢᠴᠢᠶᠡᠵᠦ᠂ ᠪᠡᠶ᠎ᠡ ᠪᠠᠨ ᠲᠤᠩᠭᠠᠵᠤ᠂ ᠪᠡᠶ᠎ᠡ ᠪᠠᠨ ᠰᠡᠷᠡᠮᠵᠢᠯᠡᠭᠦᠯᠵᠦ᠂ ᠪᠡᠶ᠎ᠡ ᠪᠠᠨ ᠵᠣᠷᠢᠭᠵᠢᠭᠤᠯᠵᠤ᠂ ᠭᠠᠵᠠᠷ | ᠪᠣᠯᠭᠠᠨ ᠳᠤ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠴᠢᠬᠡᠴᠢ ᠪᠠᠷ ᠬᠥᠮᠦᠨ ᠪᠣᠯᠵᠤ᠂ ᠠᠷᠢᠭᠤᠨ ᠴᠢᠬᠡᠴᠢ ᠪᠠᠷ | ᠵᠠᠰᠠᠭ ᠪᠠᠶᠢᠵᠤ᠂ ︽ᠪᠢ ᠪᠣᠯ ᠠᠯᠪᠠᠨ ᠭᠡᠷ ᠮᠥᠨ᠂ ᠠᠯᠪᠠᠨ ᠭᠡᠷ ᠪᠣᠯ ᠳᠠᠷᠤᠶ ᠪᠢ ᠮᠥᠨ︾ ᠭᠡᠬᠦ | ᠣᠶᠢᠯᠠᠭᠠᠭᠳᠠᠬᠤᠨ ᠢ ᠪᠤᠢ ᠪᠣᠯᠭᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠠᠴᠠ ᠡᠬᠢᠯᠡᠨ ᠬᠢᠵᠦ᠂ ᠨᠢᠭᠡᠳ ᠨᠢᠭᠡ ᠪᠠᠷ | ᠭᠠᠷᠳᠠᠨ ᠬᠢᠵᠦ᠂ ᠳᠦᠷᠢ ᠲᠥᠷᠬᠦ ᠪᠠᠨ ᠪᠤᠢ ᠪᠣᠯᠭᠠᠵᠤ᠂ ᠦᠯᠢᠭᠡᠷ ᠳᠠᠭᠤᠷᠢᠶᠠᠯ ᠪᠣᠯᠵᠤ᠂ ᠪᠣᠳᠠᠲᠠᠶ ᠠᠵᠢᠯ ᠤᠨ | ᠠᠮᠵᠢᠯᠲᠠ ᠪᠦᠲᠦᠮᠵᠢ ᠪᠠ ᠪᠣᠳᠠᠲᠠᠶ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠤᠳᠤᠷᠢᠳᠤᠯᠭ᠎ᠠ ᠪᠠ ᠣᠯᠠᠨ | ᠲᠦᠮᠡᠨ ᠤ ᠳᠤᠮᠳᠠ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃ | ᠬᠠᠭᠠᠰ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠠᠵᠢᠯ ᠬᠡᠳᠦ᠋ᠢᠪᠡᠷ ᠡᠳᠦᠶ ᠲᠡᠳᠦᠶ ᠠᠮᠵᠢᠯᠲᠠ ᠣᠯᠤᠭᠰᠠᠨ ᠪᠣᠯᠪᠠᠴᠤ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠠᠴᠠ ᠪᠣᠯᠵᠤ᠂ ᠭᠤᠤᠯ ᠠᠵᠢᠯ ᠤᠨ | ᠬᠡᠷᠡᠭᠴᠡᠭᠡ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠂ ᠡᠨᠡ ᠨᠢ ᠭᠤᠤᠯᠳᠠᠭᠤ ᠤᠳᠤᠷᠢᠳᠤᠯᠭ᠎ᠠ ᠶᠢ ᠬᠠᠪᠰᠤᠷᠤᠨ | ᠶᠡᠭᠡ ᠶᠠᠪᠤᠳᠠᠯ ᠢ ᠠᠳᠬᠤᠬᠤ᠂ ᠪᠦᠬᠦ ᠲᠠᠯ᠎ᠠ ᠶᠢ ᠲᠥᠯᠥᠪᠵᠢᠭᠦᠯᠬᠦ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ᠂ | ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ ᠪᠠᠶᠢᠬᠤ︔ ᠵᠠᠰᠠᠭ ᠤᠨ ᠶᠠᠪᠤᠳᠠᠯ ᠤᠨ ᠦᠢᠯᠡᠴᠢᠯᠡᠭᠡ ᠨᠠᠷᠢᠯᠢᠭ ᠪᠤᠰᠤ᠂ ᠨᠠᠶᠢᠳᠠᠪᠤᠷᠢᠵᠢᠭᠤᠯᠤᠯᠲᠠ ᠶᠢ | ᠠᠳᠬᠤᠭᠰᠠᠨ ᠡᠷᠴᠢᠮ ᠬᠦᠷᠦᠯᠴᠡᠬᠦ ᠦᠭᠡᠢ︔ ᠠᠵᠢᠯᠲᠠᠨ ᠤ ᠲᠥᠷᠦ ᠶᠢᠨ ᠪᠣᠳᠣᠯᠭ᠎ᠠ ᠣᠨᠣᠯ ᠤᠨ ᠬᠢᠷᠢ ᠬᠡᠮᠵᠢᠶ᠎ᠡ᠂ | ᠦᠰᠦᠭ ᠪᠢᠴᠢᠭ ᠤᠨ ᠵᠣᠬᠢᠶᠠᠨ ᠪᠢᠴᠢᠬᠦ ᠴᠢᠳᠠᠪᠤᠷᠢ ᠶᠢ ᠮᠥᠨ ᠯᠡ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ | ᠪᠣᠯᠤᠨ᠎ᠠ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠲᠣᠭᠤᠷᠢᠭ ᠤᠨ ᠠᠯᠪᠠᠨ ᠭᠡᠷ ᠤᠯᠠᠮ ᠨᠢᠭᠡ | ᠠᠯᠬᠤᠮ ᠣᠶᠢᠯᠠᠭᠠᠭᠳᠠᠬᠤᠨ ᠢᠶᠠᠨ ᠰᠢᠨᠡᠳᠬᠡᠨ᠂ ᠬᠡᠪ ᠳᠠᠭᠤᠷᠢᠶᠠᠯ ᠢᠶᠠᠨ ᠳᠡᠭᠡᠭᠰᠢᠯᠡᠭᠦᠯᠵᠦ᠂ ᠳᠣᠤᠷᠠᠬᠢ ᠡᠯ᠎ᠡ | ᠵᠦᠢᠯ ᠤᠨ ᠠᠵᠢᠯ ᠢ ᠰᠡᠳᠬᠢᠯ ᠲᠠᠯᠪᠢᠨ᠂ ᠬᠢᠨᠠᠮᠠᠭᠠᠶ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠲᠣᠭᠤᠷᠢᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠢᠯᠢᠳᠡᠭ ᠦᠢᠯᠡᠴᠢᠯᠡᠯᠭᠡ ᠬᠠᠩᠭᠠᠬᠤ ᠪᠣᠯᠤᠨ᠎ᠠ᠃ | ᠨᠢᠭᠡ ᠳᠤ᠂ ᠤᠯᠤᠰ ᠲᠥᠷᠦ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠶᠠᠪᠤᠳᠠᠯ ᠳᠤ ᠵᠦᠪᠯᠡᠵᠦ ᠬᠠᠪᠰᠤᠷᠬᠤ ᠶᠢ ᠴᠢᠩᠭᠠᠳᠬᠠᠨ᠎ᠠ᠃ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ | ᠴᠥᠬᠦᠷᠡᠰᠢ ᠦᠭᠡᠢ ᠲᠦᠯᠬᠢᠨ ᠠᠬᠢᠭᠤᠯᠵᠤ᠂ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠡᠪ ᠪᠣᠯᠪᠠᠰᠤᠷᠠᠯ ᠪᠠ ᠶᠡᠭᠡ ᠲᠠᠯ᠎ᠠ ᠶᠢᠨ | ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠭᠤᠤᠯ ᠠᠵᠢᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ | ᠨᠥᠯᠥᠭᠡᠯᠡᠬᠦ ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠯᠪᠠᠨ ᠪᠢᠴᠢᠭ ᠤᠨ | ᠠᠵᠢᠯᠯᠠᠭᠠᠨ ᠪᠠ ᠬᠤᠷᠠᠯ ᠤᠨ ᠶᠠᠪᠤᠳᠠᠯ ᠤᠨ ᠦᠢᠯᠡᠴᠢᠯᠡᠯᠭᠡ ᠶᠢ ᠴᠢᠩᠭᠠᠳᠬᠠᠨ᠂ ᠵᠠᠰᠠᠭ ᠤᠨ ᠣᠷᠳᠣᠨ ᠳᠤ ᠴᠢᠷᠮᠠᠶᠢᠨ | ᠦᠢᠯᠡᠴᠢᠯᠡᠪᠡ᠃ | ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠬᠤ ᠠᠷᠭ᠎ᠠ | ᠬᠡᠯᠪᠡᠷᠢ ᠶᠢ ᠰᠠᠶᠢᠵᠢᠷᠠᠭᠤᠯᠵᠤ᠂ ᠲᠤᠬᠠᠶ ᠶᠢᠨ ᠲᠠᠯᠠᠪᠠᠢ ᠳᠤ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠣᠯᠤᠨ ᠲᠣᠭᠲᠠᠭᠠᠭᠰᠠᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠢᠨᠵᠧᠨᠧᠷᠢᠩ᠂ | ᠭᠤᠤᠯᠳᠠᠯᠭ᠎ᠠ ᠲᠠᠢ ᠲᠥᠷᠥᠯ ᠵᠦᠢᠯ ᠳᠤ ᠲᠤᠰᠬᠠᠶ ᠲᠥᠷᠥᠯ ᠤᠨ ᠱᠠᠯᠠᠪᠳᠠᠭᠤᠯᠤᠨ ᠪᠠᠶᠢᠴᠠᠭᠠᠯᠲᠠ ᠬᠢᠵᠦ᠂ ᠮᠥᠷᠳᠡᠨ | ᠲᠣᠬᠢᠷᠠᠭᠤᠯᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠭᠤᠷᠪᠠ ᠳᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠠᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠲᠡᠷᠢᠭᠦᠨ ᠤ ᠡᠩᠨᠡᠭᠡ ᠶᠢ ᠪᠠᠶᠢᠭᠤᠯᠤᠨ᠎ᠠ᠃ ︽ᠭᠤᠷᠪᠠᠨ ᠬᠤᠷᠠᠯ ᠨᠢᠭᠡ ᠬᠢᠴᠢᠶᠡᠯ︾ ︽ᠭᠤᠷᠪᠠᠨ ᠵᠦᠢᠯ ᠤᠨ | ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠤᠰᠢᠭᠤ ᠱᠠᠯᠠᠮᠠᠭᠠᠢ ᠠᠵᠢᠯᠯᠠᠬᠤ | ᠠᠵᠢᠯ ᠤᠨ ᠰᠤᠷᠲᠠᠯ ᠢ ᠪᠤᠢ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ | ︽ᠣᠷᠭᠢᠯᠤᠮ᠎ᠠ ᠰᠡᠳᠬᠢᠯᠭᠡ ᠲᠠᠢ᠂ ᠴᠢᠳᠠᠪᠤᠷᠢ ᠲᠠᠢ᠂ ᠠᠮᠵᠢᠯᠲᠠ ᠪᠦᠲᠦᠭᠡᠯ ᠲᠠᠢ᠂ ᠳᠦᠷᠢ ᠲᠥᠷᠬᠦ ᠲᠠᠢ︾ ᠥᠨᠳᠥᠷ | ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ |