ᠯᠢ ᡁᠢ ᠰᠦ ᠮᠤᠩ ᠳᠤᠮᠳᠠᠳᠤ ᠰᠤᠷᠭᠠᠭᠤᠯᠢ ᠳᠤ ᠠᠮᠣᠷ ᠲᠦᠪᠰᠢᠨ ᠤ ᠠᠶᠤᠯᠭᠦᠶ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-08-29
      8 ᠰᠠᠷ᠎ᠠ ᠶᠢᠨ 26 ᠤ ᠡᠳᠦᠷ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠱᠦᠵᠢ ᠯᠢ ᡁᠢ ᠬᠠᠷᠢᠶᠠᠲᠤ ᠣᠷᠣᠨ ᠤ ᠰᠦ ᠮᠤᠩ ᠳᠤᠮᠳᠠᠳᠤ ᠰᠤᠷᠭᠠᠭᠤᠯᠢ ᠳᠤ ᠠᠮᠣᠷ ᠲᠦᠪᠰᠢᠨ ᠤ ᠠᠶᠤᠯᠭᠦᠶ ᠶᠢᠨ ᠪᠠᠶᠢᠴᠠᠭᠠᠯᠲᠠ ᠬᠢᠪᠡ᠃
                             
      ᠯᠢ ᡁᠢ ᠨᠡᠷ ᠰᠤᠷᠭᠠᠭᠤᠯᠢ ᠶᠢᠨ ᠬᠦᠷᠢᠶ᠎ᠡ ᠬᠡᠷᠡᠮ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠢᠴᠢ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠭᠠᠵᠢ ᠬᠡᠷᠡᠭᠰᠡᠯ ᠵᠡᠷᠭᠡ ᠳᠤ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠤᠭᠤᠯᠠᠨ ᠭᠡᠷ ᠲᠤ ᠭᠦᠨᠵᠡᠭᠡᠶᠢᠷᠡᠨ ᠡᠵᠡᠩᠨᠡᠯᠲᠡ ᠶᠢᠨ ᠪᠠᠶᠢᠳᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠪᠠᠷᠢᠯᠭ᠎ᠠ ᠶᠢᠨ ᠶᠠᠰᠤ ᠴᠢᠨᠠᠷ ᠵᠡᠷᠭᠡ ᠪᠠᠶᠢᠳᠠᠯ ᠢ ᠪᠠᠶᠢᠴᠠᠭᠠᠨ ᠦᠵᠡᠪᠡ᠃       ᠯᠢ ᡁᠢ ᠨᠡᠷ ᠪᠠᠰᠠ ᠰᠤᠷᠭᠠᠭᠤᠯᠢ ᠶᠢᠨ ᠲᠣᠭᠤᠷᠢᠭ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠳᠤ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠥᠭᠡᠳ ᠰᠤᠷᠭᠠᠭᠤᠯᠢ ᠶᠢᠨ ᠲᠠᠯ᠎ᠠ ᠶᠢᠨ ᠬᠢᠨ ᠪᠠᠭᠰᠢ ᠰᠤᠷᠤᠭᠴᠢ ᠨᠢᠭᠡᠪᠦᠷᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠢᠨ ᠬᠠᠮᠲᠤ ᠲᠥᠷᠥᠯ ᠵᠦᠢᠯ ᠤᠨ ᠢᠨᠵᠧᠨᠧᠷᠢᠩ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠡᠭᠦᠨ ᠢ ᠵᠢᠷᠤᠮᠵᠢᠭᠤᠯᠤᠨ ᠳᠦᠷᠢᠮᠵᠢᠭᠦᠯᠵᠦ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠲᠤᠭ᠎ᠠ ᠬᠡᠮᠵᠢᠶ᠎ᠡ ᠶᠢ ᠪᠠᠲᠤᠯᠠᠬᠤ᠂ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠵᠤ᠂ ᠪᠦᠷᠢᠨ ᠲᠡᠭᠦᠯᠳᠡᠷ ᠢᠨᠵᠧᠨᠧᠷᠢᠩ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠣᠨ ᠲᠡᠭᠦᠯᠳᠡᠷᠵᠢᠭᠦᠯᠵᠦ᠂ ᠮᠠᠲ᠋ᠧᠷᠢᠶᠠᠯ ᠪᠦᠷᠢᠨ ᠭᠦᠢᠴᠡᠳ᠂ ᠭᠠᠷ ᠭᠦᠢᠴᠡᠳᠭᠡᠯ ᠬᠠᠤᠯᠢ ᠳᠤ ᠨᠡᠶᠢᠴᠡᠬᠦ ᠶᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠢᠱᠢᠶᠡᠴᠢ ᠪᠣᠯᠬᠤ ᠪᠠᠷ ᠴᠢᠷᠮᠠᠶᠢᠬᠤ ᠶᠢ ᠬᠦᠰᠡᠪᠡ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号