ᠰᠢᠭᠤᠶᠢᠲᠣ ᠵᠡᠭᠡᠯᠢ ᠭᠤᠲᠣᠮᠵᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠪᠠ
ᠨᠡᠶᠢᠲᠡᠯᠡᠭᠰᠡᠨ ᠴᠠᠭ᠄
2019-08-05
   8ᠰᠠᠷ᠎ᠠ ᠶᠢᠨ1 ᠤ ᠡᠳᠦᠷ᠂ ᠰᠢᠭᠤᠶᠢᠲᠣ ᠵᠡᠭᠡᠯᠢ ᠭᠤᠳᠣᠮᠵᠢ ᠶᠢᠨ ᠵᠣᠬᠢᠶᠠᠨ ᠪᠠᠶᠢᠭᠤᠯᠥᠯᠲᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠪᠠ᠂ ᠵᠡᠭᠡᠯᠢ ᠭᠤᠲᠣᠮᠵᠢ ᠶᠢᠨ ᠪᠦᠬᠦ ᠺᠠᠲᠡᠷ ᠠᠵᠢᠯᠲᠠᠨ᠂ ᠰᠢᠨ ᠸᠠᠩ ᠲᠣᠭᠤᠷᠢᠭ ᠤᠨ ︽ᠬᠤᠶᠠᠷ ᠵᠦᠪᠯᠡᠯ︾ ᠤᠨ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃
   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠶᠠᠷᠢᠶᠠᠨ ᠤ ᠵᠣᠷᠢᠭ ᠰᠠᠨᠠᠭ᠎ᠠ ᠪᠠᠷ ᠦᠨᠡᠨ ᠬᠦ ᠲᠠᠷᠢᠬᠢ ᠲᠣᠯᠣᠭᠠᠢ ᠪᠠᠨ ᠵᠡᠪᠰᠡᠭᠯᠡᠵᠦ᠂ ᠠᠵᠣ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠵᠣ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠠᠬᠢᠭᠤᠯᠪᠠ᠃    ᠬᠤᠷᠠᠯ ᠠᠴᠠ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ︽ᠳᠥᠷᠪᠡ ᠶᠢ ᠱᠠᠭᠠᠷᠳᠠᠯᠭ᠎ᠠ ᠳᠤ ᠬᠦᠷᠭᠡᠬᠦ︾ ᠴᠢᠬᠤᠯᠠ ᠱᠠᠭᠠᠷᠳᠠᠯᠭ᠎ᠠ ᠶᠢ ᠨᠠᠶᠢᠲᠠᠪᠣᠷᠢᠵᠢᠭᠤᠯᠬᠤ ᠂ ᠵᠡᠭᠡᠯᠢ ᠭᠤᠲᠣᠮᠵᠢ ᠶᠢᠨ ᠪᠣᠲᠠᠲᠠᠢ ᠪᠠᠶᠢᠳᠠᠯ ᠲᠠᠢ ᠣᠶᠠᠯᠳᠣᠭᠤᠯᠣᠨ᠂ ᠲᠣᠣᠱᠯᠠᠭᠠᠯᠣᠨ ᠨᠠᠶᠢᠲᠠᠪᠣᠷᠢᠵᠢᠭᠤᠯᠬᠤ ᠠᠵᠢᠯ ᠢ ᠰᠣᠳᠣᠯᠣᠨ ᠪᠠᠶᠢᠷᠢᠯᠠᠭᠤᠯᠵᠣ᠂ ᠺᠠᠲᠠᠷ ᠣᠯᠠᠨ ᠲᠦᠮᠡᠨ ᠲᠠᠢ ᠪᠦᠯᠬᠦᠮᠳᠡᠨ᠂ ᠡᠭᠦᠷᠭᠡ ᠬᠠᠷᠢᠭᠤᠴᠠᠯᠭ᠎ᠠ ᠪᠠ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠦᠨᠳᠦᠰᠦᠨ ᠱᠠᠳᠣᠨ ᠳᠤ ᠦᠨᠳᠦᠰᠦᠯᠡᠵᠦ᠂ ᠦᠨᠳᠦᠰᠦᠨ ᠱᠠᠳᠣᠨ ᠳᠤ ᠦᠢᠯᠡᠴᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠣ ᠲᠦᠷᠦᠭᠳᠡᠯ᠂ ᠠᠮᠣᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠳᠤ ᠨᠡᠩ ᠣᠯᠠᠨ ᠬᠤᠪᠢ ᠨᠡᠮᠡᠷᠢ ᠦᠵᠡᠭᠦᠯᠵᠦ᠂ ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠣ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠣᠯᠠᠨ ᠲᠦᠮᠡᠨ ᠳᠤ ᠨᠡᠩ ᠣᠯᠠᠨ ᠨᠡᠩ ᠶᠡᠭᠡ ᠪᠣᠲᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号