ᠪᠡᠯᠭᠡᠯᠡᠶ᠎ᠡ︕ ᠰᠢᠭᠤᠶᠢᠲᠣ ᠲᠣᠭᠤᠷᠢᠭ ᠤᠨ ᠲᠠᠯᠠᠪᠠᠢ ᠶᠢᠨ ᠪᠦᠵᠢᠭ ᠲᠤ ᠳᠣᠷ᠎ᠠ ᠪᠠᠬ᠎ᠠ ᠲᠠᠢ ᠬᠦᠮᠦᠰ ᠦᠪᠡᠷ ᠤᠨ ᠵᠣᠬᠢᠶᠠᠨ ᠪᠠᠶᠢᠭᠤᠯᠣᠯᠲᠡ ᠲᠠᠢ ᠪᠣᠯᠵᠠᠢ︕
ᠨᠡᠶᠢᠲᠡᠯᠡᠭᠰᠡᠨ ᠴᠠᠭ᠄
2019-08-06
   ᠣᠶᠢᠷ᠎ᠠ ᠳᠤ᠂ ᠰᠢᠭᠤᠶᠢᠲᠣ ᠲᠣᠭᠤᠷᠢᠭ ᠲᠤ ᠠᠭᠤᠳᠠᠮ ᠲᠠᠯᠠᠪᠡᠢ ᠶᠢᠨ ᠪᠦᠵᠢᠭ ᠤᠨ ᠨᠡᠶᠢᠭᠡᠮᠯᠢᠭ ᠪᠠᠶᠢᠭᠤᠯᠵᠦ᠂ ᠪᠦᠵᠢᠭ᠂ ᠣᠷᠠᠯᠢᠭ ᠲᠤ ᠪᠠᠭ᠋ᠠᠲᠠᠢ100 ᠭᠠᠷᠣᠢ ᠬᠦᠮᠦᠨ ᠢ   ᠲᠠᠲᠠᠭᠰᠠᠨ ᠪᠦᠭᠡᠳ ᠠᠩᠬᠠᠳᠣᠭᠠᠷ ᠬᠤᠭᠤᠴᠠᠭᠠᠨ ᠤ ᠠᠩᠬᠠᠳᠣᠭᠠᠷ ᠣᠳᠠᠭ᠎ᠠ ᠶᠢᠨ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠪᠠ᠃ ᠲᠠᠯᠠᠪᠡᠢ  ᠶᠢᠨ ᠪᠦᠵᠢᠭ ᠤᠨ ᠨᠡᠶᠢᠭᠡᠮᠯᠢᠭ ᠪᠠᠶᠢᠭᠤᠯᠣᠭᠳᠠᠭᠰᠠᠨ ᠨᠢ ᠦᠷᠭᠡᠨ ᠣᠯᠠᠨ ᠲᠠᠯᠠᠪᠡᠢ ᠶᠢᠨ ᠪᠦᠵᠢᠭ ᠲᠤ ᠪᠠᠭ᠋ᠠᠲᠠᠢ ᠬᠦᠮᠦᠰ ᠲᠤ ᠰᠣᠷᠣᠯᠴᠠᠵᠦ ᠰᠣᠯᠢᠯᠴᠠᠬᠤ ᠲᠠᠪᠴᠠᠩ ᠬᠠᠩᠭᠠᠵᠦ᠂ ᠰᠢᠭᠤᠶᠢᠳᠦ ᠲᠣᠭᠤᠷᠢᠭ ᠤᠨ ︽ᠪᠦᠬᠦ ᠠᠷᠠᠳ ᠤᠨ ᠪᠠᠶ᠎ᠡ ᠴᠢᠬᠢᠷᠠᠭᠵᠢᠭᠤᠯᠣᠯᠲᠡ︾ ᠪᠣᠯᠣᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠬᠦᠭᠵᠢᠯ ᠴᠡᠴᠡᠭᠯᠡᠯ ᠢ ᠣᠯᠠᠮ ᠴᠢᠨᠠᠭᠰᠢᠲᠠ ᠠᠬᠢᠭᠤᠯᠵᠠᠢ᠃
   ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠦ ᠹᠠᠩ ᠬᠤᠷᠠᠯ ᠳᠤ ᠣᠷᠣᠯᠴᠠᠵᠠᠢ᠃    ᠬᠤᠷᠠᠯ ᠠᠴᠠ ᠨᠡᠶᠢᠭᠡᠮᠯᠢᠭ ᠤᠨ ᠲᠦᠷᠢᠮ ᠢ ᠪᠠᠳᠣᠯᠠᠵᠦ᠂ ᠨᠡᠶᠢᠭᠡᠮᠯᠢᠭ ᠤᠨ ᠳᠠᠷᠤᠭ᠎ᠠ᠂ ᠳᠡᠳ᠋ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ᠂ ᠭᠡᠷᠡᠭ ᠡᠷᠬᠢᠯᠡᠭᠴᠢᠳ ᠤᠨ ᠵᠦᠪᠯᠡᠯ᠂ ᠰᠣᠷᠭᠠᠯᠲᠠ ᠶᠢᠨ ᠠᠩᠬᠢ ᠬᠡᠯᠳᠡᠰ ᠤᠨ ᠲᠠᠷᠤᠭ᠎ᠠ᠂ ᠠᠷᠦ ᠲᠠᠯ᠎ᠠ ᠶᠢᠨ ᠪᠠᠳᠣᠯᠠᠭ᠎ᠠ ᠶᠢᠨ ᠬᠡᠯᠳᠡᠰ ᠤᠨ ᠲᠠᠷᠤᠭ᠎ᠠ ᠵᠡᠷᠭᠡ ᠲᠠᠯᠠᠪᠡᠢ ᠶᠢᠨ ᠪᠦᠵᠢᠭ ᠤᠨ ᠨᠡᠶᠢᠭᠡᠮᠯᠢᠭ ᠤᠨ ᠠᠩᠬᠠᠳᠣᠭᠠᠷ ᠬᠤᠭᠤᠴᠠᠭᠠᠨ ᠤ ᠣᠳᠣᠷᠢᠳᠬᠤ ᠪᠠᠭ ᠢ ᠰᠣᠩᠭᠤᠨ ᠭᠠᠷᠭᠠᠪᠠ᠃    ᠯᠢ ᠰᠢᠦ ᠹᠠᠩ ᠵᠢᠭᠠᠵᠦ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ︽ᠪᠦᠬᠦ ᠨᠠᠶᠢᠭᠡᠮ ᠢᠶᠠᠷ ᠢᠶᠠᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠭᠡᠭ ᠣᠯᠣᠰ ᠤᠨ ᠪᠦᠳᠦᠭᠡᠨ ᠪᠠᠶᠢᠭᠤᠯᠣᠯᠲᠠ ᠶᠢ ᠲᠦᠷᠭᠡᠳᠭᠡᠨ ᠠᠬᠢᠭᠤᠯᠬᠤ ᠬᠡᠷᠡᠭᠲᠠᠢ︾ ᠭᠡᠵᠦ ᠵᠢᠭᠠᠵᠦ ᠭᠠᠷᠭᠠᠪᠠ᠂ ᠲᠠᠯᠠᠪᠡᠢ ᠶᠢᠨ ᠪᠦᠵᠢᠭ ᠨᠢ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠨᠢᠭᠡ ᠵᠦᠢᠯ ᠤᠨ ᠴᠢᠬᠤᠯᠠ ᠠᠭᠤᠯᠭ᠎ᠠ ᠪᠣᠯᠣᠭᠰᠠᠨ ᠤ ᠬᠤᠪᠢ  ᠳᠤ᠂ ᠰᠣᠶᠣᠯ ᠤᠨ ᠦᠢᠯᠡᠰ ᠤᠨ ᠬᠦᠭᠵᠢᠯᠲᠡ ᠶᠢᠨ ᠲᠣᠮᠳᠠᠬᠢ ᠲᠣᠳᠠᠭᠳᠠᠵᠦ ᠪᠣᠯᠣᠰᠢ ᠦᠭᠡᠢ ᠪᠦᠷᠢᠯᠳᠦᠭᠦᠨ ᠬᠡᠰᠡᠭ ᠮᠦᠨ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠨᠢᠭᠡ ᠵᠦᠢᠯ ᠤᠨ ᠠᠵᠢᠯᠯᠠᠭ᠎ᠠ ᠮᠦᠨ᠃ ᠮᠠᠨ ᠤ ᠲᠣᠭᠤᠷᠢᠭ  ᠤᠨ ᠣᠳᠬ᠎ᠠ ᠣᠷᠠᠯᠢᠭ ᠤᠨ ᠹᠷᠣᠨᠲ ᠪᠣᠯᠣᠨ ᠦᠷᠭᠡᠨ ᠣᠯᠠᠨ ᠣᠳᠬ᠎ᠠ ᠣᠷᠠᠯᠢᠭ ᠤᠨ ᠠᠵᠢᠯᠳᠠᠳ ᠴᠠᠭ ᠦᠶ᠎ᠡ ᠶᠢᠨ ᠣᠷᠢᠶᠠᠯᠠᠭ᠎ᠠ ᠶᠢ ᠬᠦᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠦᠰᠡᠷᠳᠡᠭᠦᠯᠬᠦ ᠦᠭᠡᠢ ᠪᠠᠶᠢᠵᠦ ᠂ ᠨᠡᠩ ᠣᠯᠠᠨ ᠰᠠᠶᠢᠨ ᠰᠠᠶᠢᠬᠠᠨ ᠣᠳᠬ᠎ᠠ ᠣᠷᠠᠯᠢᠭ ᠤᠨ ᠰᠣᠳᠣᠨ ᠪᠦᠳᠦᠭᠡᠯ ᠢ ᠡᠭᠦᠳᠴᠦ᠂ ᠮᠣᠷᠠᠯ ᠣᠷᠠᠯᠢᠭ ᠬᠤᠣᠰᠯᠠᠭᠰᠠᠨ ᠣᠳᠬ᠎ᠠ ᠣᠷᠠᠯᠢᠭ ᠤᠨ ᠴᠢᠳᠠᠪᠣᠷᠢᠳᠠᠨ ᠢ ᠨᠡᠩ ᠣᠯᠠᠨ ᠬᠦᠮᠦᠵᠢᠭᠦᠯᠵᠦ᠂ ᠪᠦᠬᠦ ᠣᠷᠣᠨ ᠤ ᠰᠣᠶᠣᠯ ᠣᠳᠬ᠎ᠠ ᠣᠷᠠᠯᠢᠭ ᠤᠨ ᠶᠡᠭᠡ ᠭᠦᠭᠵᠢᠯᠲᠡ ᠶᠡᠭᠡ ᠴᠡᠴᠡᠭᠯᠡᠯᠲᠡ ᠶᠢ ᠠᠬᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠶᠢ ᠭᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号