ᠣᠶᠢᠷ᠎ᠠ ᠳᠤ᠂ ᠲᠣᠭᠤᠷᠢᠭ ᠤᠨ ᠣᠯᠣᠰ ᠲᠦᠷᠥ ᠶᠢᠨ ᠵᠦᠪᠯᠡᠯᠭᠡᠨ ᠤ ᠲᠡᠷᠢᠭᠦᠯᠡᠭᠴᠢ ᠸᠠᠩ ᠸᠧᠢ᠂ ᠳᠡᠳ᠋ | ᠲᠡᠷᠢᠭᠦᠯᠡᠭᠴᠢ ᠮᠢ ᠴᠢᠶᠥᠥ ᠯᠢᠨ᠂ ᠹᠦ᠋ ᠴᠦᠨ ᠱᠧᠩ ᠬᠡᠰᠡᠭ ᠣᠯᠣᠰ ᠲᠥᠷᠥ ᠶᠢᠨ ᠵᠦᠪᠯᠡᠯᠭᠡᠨ ᠤ ᠪᠠᠶᠢᠩᠭᠤ ᠶᠢᠨ | ᠭᠡᠰᠢᠭᠦᠳ ᠢ ᠳᠠᠭᠠᠭᠤᠯᠣᠨ᠂ ᠪᠠᠳᠺᠠᠷ ᠰᠦᠮ᠎ᠡ ᠶᠢᠨ ᠣᠢ ᠰᠢᠭᠤᠢ ᠶᠢᠨ ᠴᠡᠴᠡᠷᠯᠢᠭ ᠤᠨ ᠪᠦᠲᠦᠭᠡᠨ | ᠪᠠᠶᠢᠭᠤᠯᠣᠯᠲᠠ ᠶᠢᠨ ᠪᠠᠶᠢᠳᠠᠯ ᠳᠤ ᠲᠣᠰᠬᠠᠢ ᠰᠡᠳᠦᠪᠲᠦ ᠪᠠᠶᠢᠴᠠᠭᠠᠨ ᠰᠣᠳᠣᠯᠣᠯᠳᠠ ᠬᠢᠵᠣ᠂ ᠲᠣᠭᠤᠷᠢᠭ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠠᠳᠺᠠᠷ | ᠰᠦᠮ᠎ᠡ ᠶᠢᠨ ᠦᠵᠡᠮᠵᠢ ᠶᠢᠨ ᠣᠷᠣᠨ ᠤ ᠬᠠᠮᠢᠶᠠᠷᠥᠯᠲᠠ ᠶᠢᠨ ᠵᠦᠪᠯᠡᠯ ᠤᠨ ᠡᠷᠬᠢᠯᠡᠭᠴᠢ ᠯᠢ ᠴᠢᠩ ᠵᠦᠩ ᠪᠠᠷ᠎ᠠ | ᠪᠣᠯᠵᠥ ᠪᠠᠶᠢᠴᠠᠭᠠᠨ ᠰᠣᠳᠣᠯᠣᠯᠲᠠ ᠬᠢᠵᠠᠢ᠃ | | ᠪᠠᠶᠢᠴᠠᠭᠠᠨ ᠰᠣᠳᠣᠯᠠᠬᠤ ᠳᠣᠭᠤᠶᠢᠯᠠᠩ ᠤᠨ ᠬᠢᠨ ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠤ ᠵᠡᠭᠦᠨ | ᠠᠭᠤᠯᠠ ᠶᠢᠨ ᠵᠢᠭᠤᠯᠴᠢᠯᠠᠯ ᠤᠨ ᠵᠠᠮ᠂ ᠭᠧᠩ ᠪᠢᠨ ᠭᠸᠥ ᠪᠣᠯᠣᠨ ᠪᠠᠳᠺᠠᠷ ᠰᠦᠮ᠎ᠡ ᠶᠢᠨ ᠡᠷᠬᠢᠨ ᠲᠣᠭᠤᠷᠢᠨ ᠤ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠨ ᠳᠤ ᠪᠠᠶᠢᠴᠠᠭᠠᠨ ᠰᠣᠳᠣᠯᠣᠯᠳᠠ ᠬᠢᠵᠦ᠂ ᠪᠠᠳᠺᠠᠷ | ᠰᠦᠮ᠎ᠡ ᠶᠢᠨ ᠣᠢ ᠰᠢᠭᠤᠢ ᠶᠢᠨ ᠴᠡᠴᠡᠷᠯᠢᠭ ᠤᠨ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠪᠠᠶᠢᠳᠠᠯ ᠤᠨ | ᠲᠣᠬᠠᠢ ᠦᠵᠡᠮᠵᠢ ᠶᠢᠨ ᠣᠷᠣᠨ ᠤ ᠬᠠᠮᠢᠶᠠᠷᠣᠯᠲᠠ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠡᠨ ᠲᠠᠢ | ᠭᠦᠨᠵᠡᠭᠡᠢ ᠰᠣᠳᠣᠯᠣᠨ ᠶᠡᠷᠢᠯᠴᠠᠵᠦ ᠰᠠᠨᠠᠯ ᠢᠶᠠᠨ ᠰᠣᠯᠢᠯᠴᠠᠭᠰᠠᠨ ᠪᠦᠭᠡᠳ ᠠᠵᠢᠯ ᠤᠨ ᠳᠣᠮᠳᠠ ᠣᠷᠣᠰᠢᠵᠦ ᠪᠠᠶᠢᠭ᠎ᠠ | ᠠᠰᠠᠭᠤᠳᠠᠯ ᠳᠤ ᠵᠣᠬᠢᠴᠠᠩᠭᠤᠢ ᠰᠠᠨᠠᠯ ᠰᠠᠨᠠᠭᠤᠯᠭ᠎ᠠ ᠳᠣᠷᠠᠳᠴᠠᠢ᠃ | ᠸᠠᠩ ᠸᠧᠢ ᠴᠢᠬᠤᠯᠠᠴᠢᠯᠠᠭᠰᠠᠨ ᠨᠢ᠂ ᠪᠦᠬᠦ ᠪᠦᠰᠡ ᠶᠢᠨ ᠵᠢᠭᠤᠯᠴᠢᠯᠠᠯ ᠢ ᠬᠦᠭᠵᠢᠭᠦᠯᠬᠦ᠂ ᠪᠦᠬᠦ ᠦᠵᠡᠮᠵᠢ ᠶᠢᠨ | ᠰᠢᠭᠤᠶᠢᠲᠣ ᠲᠣᠭᠤᠷᠢᠭ ᠢ ᠪᠦᠲᠦᠭᠡᠨ ᠪᠠᠶᠢᠭᠤᠯᠬᠤ ᠶᠢ ᠬᠡᠯᠪᠡᠷᠢ ᠪᠠᠨ ᠬᠤᠪᠢᠷᠠᠭᠤᠯᠣᠨ ᠬᠦᠭᠵᠢᠭᠦᠯᠬᠦ ᠶᠢ ᠴᠢᠬᠤᠯᠠ | ᠭᠠᠷᠳᠡᠨ᠂ ᠣᠯᠣᠰ ᠠᠴᠠ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠪᠠᠳᠺᠠᠷ | ᠰᠦᠮ᠎ᠡ ᠶᠢᠨ ᠣᠯᠣᠰ ᠠᠴᠠ5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠳᠺᠠᠷ ᠰᠦᠮ᠎ᠡ ᠶᠢᠨ ᠣᠢ ᠰᠢᠭᠤᠢ ᠶᠢᠨ ᠴᠡᠴᠡᠷᠯᠢᠭ ᠤᠨ ᠶᠠᠰᠣ | ᠴᠢᠨᠠᠷ ᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠵᠢᠭᠤᠯᠴᠢᠯᠠᠯ ᠤᠨ ᠰᠣᠶᠣᠯ ᠤᠨ ᠠᠭᠤᠯᠭ᠎ᠠ ᠶᠢ ᠪᠠᠶᠠᠯᠢᠭᠵᠢᠭᠤᠯᠣᠨ᠂ | ᠵᠢᠭᠤᠯᠴᠢᠨ ᠤ ᠦᠵᠡᠮᠵᠢ ᠶᠢᠨ ᠣᠷᠣᠨ ᠤ ᠲᠣᠬᠠᠢ ᠣᠶᠢᠯᠠᠭᠠᠬᠤ ᠬᠡᠮᠵᠢᠶ᠎ᠡ ᠶᠢ ᠲᠠᠰᠣᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠪᠡ᠃ |