ᠴᠧᠨ ᠵᠢᠶᠠᠨ ᠵᠦᠩ ᠠᠩᠬᠢ ᠳᠠᠭᠠᠭᠤᠯᠣᠨ ᠲᠣᠭᠤᠷᠢᠭ ᠢ ᠰᠠᠬᠢᠨ ᠰᠠᠭᠤᠭ᠎ᠠ ᠴᠡᠷᠢᠭ ᠠᠩᠬᠢ ᠶᠢ ᠰᠣᠷᠪᠣᠯᠵᠢᠯᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2019-08-08
     8 ᠰᠠᠷ᠎ᠠ ᠶᠢᠨ1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠲᠣᠭᠤᠷᠢᠭ ᠤᠨ ᠳᠦᠷᠪᠡᠨ ᠶᠡᠭᠡ ᠣᠳᠣᠷᠢᠳᠬᠤ ᠪᠠᠭ ᠤᠨ ᠬᠠᠮᠢᠶ᠎ᠠ ᠪᠦᠬᠦᠢ ᠣᠳᠣᠷᠢᠳᠣᠯᠭ᠎ᠠ ᠶᠢ ᠳᠠᠭᠠᠭᠤᠯᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢᠶᠠᠷ ᠪᠦᠷᠢᠯᠳᠦᠭᠰᠡᠨ ᠦᠪᠡᠷᠲᠡᠭᠡᠨ ᠵᠠᠰᠠᠬᠤ ᠣᠷᠣᠨ  ᠳᠤ ᠰᠠᠬᠢᠨ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠣᠭᠴᠢᠳ ᠢ ᠰᠣᠷᠪᠣᠯᠵᠢᠯᠠᠨ ᠲᠣᠬᠤᠨᠢᠭᠤᠯᠪᠠ᠃      ᠲᠣᠭᠤᠷᠢᠭ ᠤᠨ ᠣᠳᠣᠷᠢᠳᠣᠯᠭ᠎ᠠ ᠪᠠᠢ ᠰᠢᠶᠠᠩ ᠬᠦᠩ᠂ ᠵᠣᠣ ᠢ ᠮᠢᠨ᠂ ᠯᠢ ᠹᠧᠩ ᠮᠢᠩ᠂ ᠯᠢ ᠰᠢᠦ ᠹᠠᠩ᠂ ᠮᠢ ᠴᠢᠶᠥᠥ ᠯᠢᠨ᠂ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠭᠡᠷᠡᠭ ᠶᠠᠪᠣᠳᠠᠯ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠠᠨᠳᠣ ᠶᠢᠨ ᠵᠦᠪᠯᠡᠯ᠂ ᠪᠠᠶᠢᠭᠤᠯᠭ᠎ᠠ ᠶᠢᠨ ᠶᠠᠪᠣᠳᠠᠯ ᠤᠨ ᠲᠦᠪ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃
     ᠳᠣᠭᠤᠶᠢᠯᠠᠩ ᠤᠨ ᠬᠢᠨ ᠪᠦᠬᠦ ᠳᠠᠷᠤᠭ᠎ᠠ ᠪᠠᠶᠢᠯᠳᠣᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠵᠦ᠂ ᠳᠡᠳᠡᠨ ᠤ ᠨᠡᠶᠢᠭᠡᠮ ᠤᠨ ᠡᠶ᠎ᠡ ᠵᠣᠬᠢᠴᠠᠯ ᠪᠠ ᠳᠣᠭᠲᠠᠭᠤᠨ ᠪᠠᠶᠢᠳᠠᠯ ᠢ ᠬᠠᠮᠠᠭᠠᠯᠠᠬᠤ᠂ ᠬᠠᠮᠲᠣ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠬᠤ᠂ ᠪᠦᠬᠦ ᠲᠣᠭᠤᠷᠢᠭ ᠤᠨ ᠠᠵᠣ ᠠᠬᠤᠢ ᠨᠡᠶᠢᠭᠡᠮ ᠤᠨ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠠ ᠣᠷᠲᠣ ᠬᠤᠭᠤᠴᠠᠭᠠᠨ ᠤ ᠲᠣᠷᠰᠢ᠂  ᠲᠣᠭᠤᠷᠢᠭ ᠢ ᠰᠠᠬᠢᠨ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠣᠭᠴᠢᠳ ᠪᠦᠬᠦ ᠰᠡᠳᠬᠢᠯ ᠪᠦᠬᠦ ᠵᠣᠷᠢᠭ  ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠣ ᠴᠡᠭᠡᠵᠢᠯᠡᠵᠦ᠂ ᠬᠦᠰᠡᠯᠡᠩ ᠢᠳᠡᠭᠡᠯ ᠪᠢᠰᠢᠷᠡᠯ  ᠢᠶᠠᠨ ᠪᠠᠳᠣᠳᠬᠠᠬᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠵᠣ ᠠᠪᠣᠷᠠᠨ ᠲᠣᠰᠠᠯᠠᠬᠤ᠂ ᠠᠶᠣᠯ ᠭᠠᠮᠰᠢᠭ  ᠠᠴᠠ ᠠᠪᠣᠷᠠᠬᠤ ᠵᠡᠷᠭᠡ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠣ᠂ ᠥᠷᠭᠡᠨ ᠣᠯᠠᠨ ᠠᠷᠠᠳ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠶᠢ ᠪᠤᠢ ᠪᠣᠯᠭᠠᠵᠤ᠂ ᠨᠠᠮ ᠵᠠᠰᠠᠭ ᠴᠡᠷᠢᠭ ᠠᠷᠠᠳ ᠨᠢᠭᠡ ᠭᠡᠷ ᠪᠦᠯᠢ ᠮᠡᠲᠦ ᠠᠮᠢᠳᠤᠯᠢᠭ ᠪᠠᠶᠢᠳᠠᠯ ᠢ ᠪᠤᠢ ᠪᠣᠯᠭᠠᠪᠠ᠃ ᠰᠢᠭᠤᠶᠢᠲᠣ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠤᠶᠠᠷ ᠢ ᠬᠦᠷᠢᠶᠡᠯᠡᠬᠦ ᠴᠡᠷᠢᠭ ᠢ ᠶᠡᠬᠡᠪᠡᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠴᠡᠷᠢᠭ ᠠᠩᠭᠢ ᠶᠢᠨ ᠥᠭᠡᠷᠡᠴᠢᠯᠡᠯᠲᠡ ᠶᠢ ᠠᠬᠢᠭᠤᠯᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃      ᠲᠣᠭᠤᠷᠢᠭ ᠢ ᠰᠠᠬᠢᠨ ᠰᠠᠭᠤᠭ᠎ᠠ ᠴᠡᠷᠢᠭ ᠠᠩᠭᠢ ᠶᠢᠨ ᠪᠦᠬᠦ ᠳᠠᠷᠤᠭ᠎ᠠ ᠪᠠᠶᠢᠯᠳᠤᠭᠴᠢᠳ ᠨᠠᠮ ᠤᠨ ᠳᠣᠭᠤᠶᠢᠯᠠᠩ ᠤᠨ ᠬᠦᠷᠴᠦ ᠢᠷᠡᠭᠰᠡᠨ ᠢ ᠪᠠᠶᠠᠷᠯᠠᠨ ᠣᠭᠳᠣᠵᠣ᠂ ᠨᠠᠮ ᠤᠨ ᠪᠠᠲᠤ ᠴᠡᠭᠡᠵᠢᠯᠡᠬᠦ ᠶᠢ ᠢᠯᠡᠷᠬᠡᠶᠢᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠡᠶᠡᠯᠡᠭᠦᠯᠵᠦ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠠᠩᠭᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠮᠵᠢᠬᠦ ᠪᠠ ᠬᠠᠮᠵᠢᠯᠴᠠᠵᠤ᠂ ︽ᠴᠡᠷᠢᠭ ᠵᠠᠰᠠᠭ ᠨᠢᠭᠡ ᠭᠡᠷ ᠤᠨ ᠬᠥᠮᠦᠨ︾ ᠢ ᠲᠠᠰᠤᠷᠠᠯᠲᠠ ᠦᠭᠡᠢ ᠪᠠᠬᠢᠵᠢᠭᠦᠯᠵᠦ᠂ ᠰᠢᠭᠤᠶᠢᠲᠤ ᠲᠣᠭᠤᠷᠢᠭ  ᠤᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号