ᠰᠢᠭᠤᠶᠢᠲᠣ ᠲᠣᠭᠤᠷᠢᠭ ᠤᠨ ᠲᠦᠢᠮᠦ ᠪᠠᠶᠢᠳᠠᠯ
ᠨᠡᠶᠢᠲᠡᠯᠡᠭᠰᠡᠨ ᠴᠠᠭ᠄
2019-09-27
     ᠰᠢᠭᠤᠶᠢᠲᠤ ᠭᠡᠳᠡᠭ ᠨᠢ ︽ᠪᠢᠲᠡᠭᠦᠤ ᠤᠢ ᠲᠠᠢ ᠭᠠᠵᠠᠷ︾ ᠭᠡᠰᠡᠨ ᠤᠳᠬ᠎ᠠ ᠲᠠᠢ᠃ ᠣᠷᠣᠨ ᠪᠦᠰᠡ ᠶᠢᠨ ᠲᠠᠯᠠᠪᠠᠢ ᠨᠢ 761 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 1 ᠰᠤᠮᠤ᠂ 1 ᠪᠠᠯᠭᠠᠰᠤ᠂ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 1 ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ 1 ᠪᠤᠭᠤᠲᠤ ᠬᠤᠲᠠ ᠶᠢᠨ ᠬᠠᠮᠲᠤ ᠪᠠᠷ ᠲᠤᠬᠢᠷᠠᠭᠤᠯᠤᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠬᠠᠷᠢᠶᠠᠯᠠᠭᠤᠯᠤᠨ᠎ᠠ᠃ ᠰᠢᠭᠤᠶᠢᠲᠤ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠬᠥᠮᠥᠨ ᠠᠮᠠ 5.2 ᠲᠦᠮᠡ᠂ 3.8 ᠲᠦᠮᠡ ᠪᠠᠶᠢᠵᠤ ᠂ ᠮᠣᠩᠭᠤᠯ᠂ ᠬᠢᠲᠠᠳ᠂ ᠮᠠᠨᠵᠤ ᠵᠡᠷᠭᠡ 12 ᠦᠨᠳᠦᠰᠦᠲᠡᠨ ᠰᠠᠭᠤᠵᠤ ᠪᠠᠢᠨ᠎ᠠ᠃ ᠬᠢᠯᠢ ᠶᠢᠨ ᠳᠣᠲᠣᠷᠠᠬᠢ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠪᠦᠬᠦ ᠤᠯᠤᠰ ᠤᠨ ᠭᠤᠷᠪᠠᠨ ᠶᠡᠭᠡ ᠲᠥᠪᠡᠳ ᠤᠨ ᠤᠯᠠᠮᠵᠢᠯᠠᠭᠰᠠᠨ ᠪᠤᠷᠬᠠᠨ ᠱᠠᠰᠢᠨ ᠤ ᠠᠷᠢᠭᠤᠨ ᠣᠷᠣᠨ ᠤ ᠨᠢᠭᠡᠨ ᠪᠠᠳᠺᠠᠷ ᠰᠦᠮ᠎ᠡ ᠲᠠᠢ ᠪᠠᠶᠢᠵᠤ᠂ ᠪᠠᠶᠢᠯᠳᠤᠭᠠᠨᠲᠤ ᠤᠯᠤᠰ ᠤᠨ ᠣᠶᠢᠶ᠎ᠠ ᠳᠤ ᠵᠤᠤ ᠡᠤ ᠯᠢᠩ ᠸᠠᠩ ︽ᠲᠥᠷᠥ ᠶᠢᠨ ᠬᠤᠪᠴᠠᠰᠤ ᠡᠮᠦᠰᠴᠦ ᠬᠠᠷᠪᠤᠵᠤ ᠨᠠᠮᠨᠠᠬᠤ︾ ᠪᠠᠷ ᠵᠠᠰᠠᠨ ᠪᠠᠶᠢᠭᠤᠯᠤᠭᠰᠠᠨ ᠵᠤᠤ ᠤᠯᠤᠰ ᠤᠨ ᠤᠷᠳᠤ ᠴᠠᠭᠠᠨ ᠬᠡᠷᠡᠮ ᠤᠨ ᠪᠠᠭᠤᠷᠢ ᠶᠢ ᠪᠠᠶᠢᠵᠤ᠂ ᠪᠠᠰᠠ ᠵᠥᠩ ᠯᠢᠩ ᠢᠦᠶ ᠰᠢᠤ ᠶᠢᠨ ᠣᠪᠣᠭ᠎ᠠ ᠠᠭᠤᠯᠠ ᠪᠠ ᠭᠧᠩ ᠪᠢᠨ ᠭᠸᠦ ᠪᠠᠯᠠᠷ ᠡᠷᠲᠡᠨ ᠤ ᠣᠢ ᠰᠢᠭᠤᠶ ᠵᠡᠷᠭᠡ ᠪᠠᠶᠢᠭᠠᠯᠢ ᠶᠢᠨ ᠡᠬᠢ ᠪᠠᠶᠠᠯᠢᠭ ᠲᠠᠢ ᠪᠠᠶᠢᠵᠠᠶ᠃      ᠰᠢᠭᠤᠶᠢᠲᠤ ᠲᠣᠭᠤᠷᠢᠭ ᠪᠣᠯ ᠤᠯᠤᠰ ᠠᠴᠠ ︽ᠪᠦᠳᠦᠭᠦᠯᠢᠭ ᠠᠮᠤ︾ ᠶᠢᠨ ᠬᠤᠭᠤᠴᠠᠭᠠᠨ ᠤ 156 ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡ ᠪᠣᠯᠬᠤ ᠪᠥᠭᠡᠳ ᠪᠠᠰᠠ ᠪᠣᠣ ᠭᠠᠩ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠨᠧᠷᠭᠢ ᠪᠣᠯᠤᠨ ᠲᠦᠭᠦᠬᠡᠶ ᠡᠳ᠋ ᠮᠠᠲ᠋ᠧᠷᠢᠶᠠᠯ ᠬᠠᠩᠭᠠᠬᠤ ᠰᠠᠭᠤᠷᠢᠨ ᠭᠠᠵᠠᠷ ᠪᠣᠯᠤᠨ᠎ᠠ᠃ ᠤᠯᠤᠰ ᠠᠴᠠ ᠨᠡᠭᠦᠷᠡᠰᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ᠂ ᠭᠠᠵᠠᠷ ᠣᠷᠣᠨ ᠤ ᠨᠡᠭᠦᠷᠡᠰᠦᠨ ᠤ ᠡᠬᠢ ᠪᠠᠶᠠᠯᠢᠭ ᠢᠳᠡᠭ ᠢᠳᠡᠭ ᠢᠶᠠᠷ ᠮᠠᠭᠤᠳᠠᠬᠤ ᠶᠢ ᠳᠠᠭᠠᠯᠳᠤᠨ᠂ ᠰᠢᠭᠤᠶᠢᠲᠤ ᠲᠣᠭᠤᠷᠢᠭ ︽ᠨᠡᠭᠦᠷᠡᠰᠦ ᠪᠠᠷ ᠪᠦᠲᠦᠭᠡᠨ ᠪᠠᠶᠢᠭᠤᠯᠬᠤ︾ ᠶᠢ ᠥᠩᠭᠡᠷᠡᠭᠡᠵᠦ᠂ ︽ᠨᠡᠭᠦᠷᠡᠰᠦ ᠪᠠᠷ ᠳᠠᠮᠵᠢᠨ ᠬᠥᠭᠵᠢᠬᠦ︾᠂ ︽ᠨᠡᠭᠦᠷᠡᠰᠦ ᠪᠠᠷ ᠳᠠᠮᠵᠢᠨ ᠳᠣᠷᠦ᠋ᠢᠲᠠᠬᠤ︾ ᠪᠠ ᠡᠬᠢ ᠪᠠᠶᠠᠯᠢᠭ ᠰᠢᠪᠬᠠᠷᠤᠨ ᠬᠤᠭᠤᠰᠣᠷᠠᠵᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠡᠤᠬᠡᠨ ᠶᠠᠪᠤᠴᠠ ᠶᠢ ᠥᠩᠭᠡᠷᠡᠭᠡᠵᠡᠶ ᠃ 2011 ᠤᠨ 11 ᠰᠠᠷ᠎ᠠ ᠳᠤ᠂ ᠰᠢᠭᠤᠶᠢᠲᠤ ᠲᠣᠭᠤᠷᠢᠭ ᠨᠢ ᠤᠯᠤᠰ ᠤᠨ ᠭᠤᠷᠪᠠᠳᠤᠭᠠᠷ ᠪᠦᠯᠦᠭ ᠤᠨ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠬᠤᠲᠠ ᠶᠢᠨ ᠨᠡᠷᠡᠰ ᠲᠤ ᠵᠢᠭᠰᠠᠭᠠᠭᠳᠠᠵᠤ᠂ ᠪᠤᠰᠤᠳ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠬᠤᠲᠠ ᠲᠠᠢ ᠠᠳᠠᠯᠢ ᠪᠠᠷ ︽ᠠᠭᠤᠷᠬᠠᠶ ᠨᠢ ᠪᠠᠷᠠᠭᠳᠠᠵᠤ ᠬᠤᠲᠠ ᠨᠢ ᠮᠠᠭᠤᠳᠠᠭᠰᠠᠨ︾ ᠬᠦᠴᠢᠷᠳᠡᠯ ᠳᠤ ᠲᠤᠯᠭᠠᠷᠠᠭᠰᠠᠨ ᠪᠠᠶᠢᠨ᠎ᠠ᠃      ᠶᠡᠷᠦ ᠪᠤᠰᠤ ᠶᠢᠨ ᠬᠦᠨᠳᠦ ᠨᠣᠴᠢᠲᠠᠢ ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶ᠎ᠠ᠂ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠳᠡᠰ ᠳᠡᠪᠰᠢᠭᠦᠯᠦᠨ ᠱᠠᠲᠣ ᠠᠬᠢᠬᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ︾ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠣᠱᠯᠠᠭᠤᠯᠣᠵᠠᠢ᠂ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠬᠤ ᠡᠨᠡ ᠬᠦ ᠭᠤᠣᠯ ᠰᠢᠵᠢᠮ ᠢ ᠳᠣᠪᠤᠶᠢᠯᠭᠠᠪᠠ ᠃ ︽ᠲᠡᠰᠪᠦᠷᠢ ᠬᠠᠲᠠᠭᠤᠵᠢᠯᠲᠠᠢ᠂ ᠨᠤᠭᠤᠷᠠᠰᠢ ᠦᠭᠡᠢ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ︾ ᠠᠭᠤᠷᠬᠠᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠤᠷᠢᠳ ᠬᠤᠵᠢᠳ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠢ︾᠂ ︽ᠪᠦᠬᠦ ᠤᠯᠤᠰ ᠤᠨ ᠠᠩᠬᠠᠳᠠᠭᠴᠢ ᠪᠦᠯᠦᠭ ᠠᠷᠠᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠵᠢᠱᠢᠶᠡᠴᠢ ᠣᠷᠣᠨ︾᠂ ︽ᠪᠦᠬᠦ ᠤᠯᠤᠰ ᠤᠨ ᠪᠣᠬᠢᠷᠲᠤᠯ ᠦᠭᠡᠢ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ︾ ᠵᠡᠷᠭᠡ ᠢᠷᠠᠭᠤ ᠠᠯᠳᠠᠷ ᠢ ᠬᠦᠷᠲᠡᠭᠰᠡᠨ ᠪᠥᠭᠡᠳ ᠤᠯᠤᠰ ᠠᠴᠠ ︽ᠤᠶᠤᠨᠲᠤ ᠬᠤᠲᠠ︾ ᠶᠢᠨ ᠲᠤᠷᠰᠢᠯᠲᠠ ᠪᠠ ︽ᠪᠦᠬᠦ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ︾ ᠤ ᠡᠭᠦᠳᠦᠨ ᠪᠠᠶᠢᠭᠤᠯᠬᠤ ᠨᠡᠷᠡᠰ ᠢ ᠠᠮᠵᠢᠯᠲᠠ ᠲᠠᠢ ᠣᠯᠪᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号