ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠰᠢᠶᠠᠩ ᠨᠠᠷ ᠵᠢᠪᠬᠤᠯᠠᠩᠲᠤ ᠰᠤᠮᠤ᠂ ᠫᠠᠨ ᠢᠦᠶ ᠱᠣ᠋ ᠭᠠᠴᠠᠭ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2019-09-03
     8 ᠰᠠᠷ᠎ᠠ ᠶᠢᠨ 30 ᠤ ᠦᠳᠡ ᠶᠢᠨ ᠡᠮᠦᠨ᠎ᠡ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠰᠢᠶᠠᠩ ᠵᠢᠪᠬᠤᠯᠠᠩᠲᠤ ᠰᠤᠮᠤ ᠳᠤ ᠭᠦᠨᠵᠡᠭᠡᠶᠢᠷᠡᠨ ᠰᠢᠨ᠎ᠡ ᠪᠣᠯᠪᠠᠰᠤᠨ ᠤ ᠦᠢᠯᠡᠳᠦᠯᠡᠭᠡ ᠶᠢᠨ ᠭᠠᠵᠠᠷ᠂ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠤᠬᠠᠭᠤᠯᠬᠤ ᠭᠡᠰᠢᠭᠦᠨ ᠵᠢᠶᠠ ᠱᠣ᠋ ᠷᠦᠩ ᠪᠠᠷ᠎ᠠ ᠪᠣᠯᠪᠠ᠃      ᠯᠢ ᠰᠢᠶᠠᠩ ᠨᠠᠷ ᠫᠠᠨ ᠢᠦᠶ ᠱᠣ᠋ ᠭᠠᠴᠠᠭ᠎ᠠ ᠶᠢᠨ ᠰᠣᠶᠣᠯ ᠤᠨ ᠠᠭᠤᠳᠠᠮ ᠲᠠᠯᠠᠪᠠᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠪᠠ᠃ ᠰᠤᠮᠤᠨ ᠤ ᠵᠠᠰᠠᠭ ᠤᠨ ᠣᠷᠳᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠰᠣᠶᠣᠯ ᠤᠨ ᠥᠷᠲᠡᠭᠡ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠤᠮᠤᠨ ᠤ ᠥᠷᠨᠢᠭᠦᠯᠦᠭᠰᠡᠨ ᠬᠠᠮᠢᠶ᠎ᠠ ᠪᠦᠬᠦᠢ ᠠᠵᠢᠯ ᠢ ᠭᠦᠢᠴᠡᠳ ᠨᠤᠲᠠᠯᠠᠪᠠ᠃
     ᠯᠢ ᠰᠢᠶᠠᠩ ᠵᠢᠭᠠᠵᠣ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠡᠳᠦᠷ ᠲᠣᠲᠤᠮ ᠤᠨ ᠠᠵᠢᠯ ᠢ ᠰᠠᠶᠢᠲᠤᠷ ᠬᠢᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠪᠡ᠃ ᠰᠠᠶᠢᠨ ᠳᠣᠷᠠᠳᠠᠨ ᠤ ᠦᠢᠯᠡᠴᠢᠯᠡᠭᠡᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠠᠶᠢᠨ ᠳᠣᠷᠠᠳᠠᠨ ᠤ ᠦᠢᠯᠡᠴᠢᠯᠡᠭᠡ ᠪᠠᠷ ᠭᠤᠤᠯ ᠬᠡᠯᠪᠡᠷᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠨᠤᠯ ᠤᠨ ᠤᠬᠠᠭᠤᠯᠭ᠎ᠠ ᠬᠢᠬᠦ᠂ ᠶᠣᠰᠣ ᠰᠤᠷᠲᠠᠬᠤᠨ ᠤ ᠦᠨᠡᠯᠡᠯᠲᠡ ᠬᠢᠬᠦ᠂ ᠬᠦᠴᠢᠷᠳᠡᠯᠲᠡᠶ ᠶᠢ ᠬᠠᠪᠰᠤᠷᠤᠨ ᠪᠠᠭᠤᠷᠠᠶ ᠶᠢ ᠲᠤᠰᠠᠯᠠᠬᠤ᠂ ᠰᠣᠶᠣᠯ ᠢᠷᠭᠡᠳ ᠲᠤ ᠪᠠᠶᠠᠰᠬᠠᠬᠤ᠂ ᠰᠢᠨ᠎ᠡ ᠰᠤᠷᠲᠠᠯ ᠢ ᠰᠠᠨᠠᠭᠠᠴᠢᠯᠠᠬᠤ᠂ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠠᠭᠤᠯᠭ᠎ᠠ ᠶᠢ ᠵᠢᠷᠤᠵᠤ ᠲᠥᠯᠥᠪᠯᠡᠬᠦ ᠠᠵᠢᠯᠯᠠᠭ᠎ᠠ ᠶᠢᠨ ᠲᠥᠷᠥᠯ ᠵᠦᠢᠯ ᠤᠨ ᠲᠣᠭᠤᠷᠢᠨ ᠳᠤ᠂ ᠠᠵᠢᠯᠯᠠᠭ᠎ᠠ ᠶᠢᠨ ᠲᠡᠮᠳᠡᠭᠯᠡᠯ ᠢ ᠰᠠᠶᠢᠲᠤᠷ ᠬᠢᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ᠂ ᠬᠦᠴᠢᠷ ᠠᠰᠠᠭᠤᠳᠠᠯ ᠢᠶᠠᠷ ᠦᠨᠡᠨᠬᠦ ᠠᠩᠬᠠᠷᠤᠯ ᠤᠨ ᠭᠤᠤᠯᠳᠠᠯᠭ᠎ᠠ ᠪᠣᠯᠭᠠᠵᠤ᠂ ᠨᠡᠯᠢᠶᠡᠳ ᠰᠠᠶᠢᠨ ᠮᠠᠭᠲᠠᠨ ᠳᠠᠭᠤᠯᠠᠵᠤ᠂ ᠢᠳᠡᠪᠬᠢ ᠬᠦᠴᠦᠨ ᠢ ᠪᠠᠳᠠᠷᠠᠭᠤᠯᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠵᠢᠪᠬᠤᠯᠠᠩᠲᠦ ᠰᠤᠮᠤ ᠦᠷᠭᠦᠯᠵᠢᠯᠡᠨ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠪᠣᠯᠪᠠᠰᠤᠨ ᠤ ᠦᠢᠯᠡᠳᠦᠯᠭᠡ ᠶᠢᠨ ᠭᠤᠤᠯ ᠰᠡᠳᠦᠪ ᠤᠨ ᠲᠣᠭᠤᠷᠢᠨ ᠳᠤ᠂ ᠬᠠᠮᠢᠶᠠᠷᠤᠯᠲᠠ ᠠᠵᠢᠯᠯᠠᠭᠠᠨ ᠢ ᠳᠦᠷᠢᠮᠵᠢᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠬᠠᠩᠭᠠᠬᠤ ᠪᠣᠯᠤᠨ᠎ᠠ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号