5 ᠪᠠᠷᠢᠯᠭ᠎ᠠ ᠶᠢᠨ ᠭᠠᠵᠠᠷ ᠢ ᠪᠠᠶᠢᠴᠠᠭᠠᠭᠠᠳ᠂ 3 ᠵᠦᠢᠯ ᠤᠨ ᠠᠰᠠᠭᠤᠳᠠᠯ ᠢ ᠢᠯᠡᠷᠡᠭᠦᠯᠵᠦ᠂ ᠰᠢᠭᠤᠶᠢᠲᠤ ᠲᠣᠭᠤᠷᠢᠭ ᠤᠨ ᠪᠠᠷᠢᠯᠭ᠎ᠠ ᠶᠢᠨ ᠭᠠᠵᠠᠷ ᠤᠨ ᠲᠣᠭᠤᠰᠣ ᠶᠢ ᠦᠷᠭᠦᠯᠵᠢᠯᠡᠨ ᠵᠠᠰᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2019-09-03
     8 ᠰᠠᠷ᠎ᠠ ᠶᠢᠨ 22 ᠤᠨ ᠡᠳᠦᠷ ᠠᠴᠠ ᠡᠬᠢᠯᠡᠨ ᠰᠢᠭᠤᠶᠢᠲᠤ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ ᠪᠠᠨ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠭᠠᠵᠠᠷ ᠤᠨ ᠬᠤᠭ ᠲᠣᠭᠤᠰᠣ ᠶᠢ ᠵᠠᠰᠠᠭᠰᠠᠨ ᠪᠠᠶᠢᠳᠠᠯ ᠳᠤ ᠨᠢᠭᠡ ᠭᠠᠷᠠᠭ ᠤᠨ ᠬᠤᠭᠤᠴᠠᠭ᠎ᠠ ᠲᠠᠢ ᠲᠤᠰᠬᠠᠶ ᠪᠠᠶᠢᠴᠠᠭᠠᠯᠲᠠ ᠬᠢᠵᠦ᠂ ᠤᠳᠤ ᠪᠣᠯᠲᠠᠯ᠎ᠠ ᠨᠢᠭᠡᠨᠲᠡ ᠪᠠᠶᠢᠴᠠᠭᠠᠭᠰᠠᠨ ᠪᠠᠷᠢᠯᠭ᠎ᠠ ᠶᠢᠨ ᠭᠠᠵᠠᠷ 5 ᠪᠠᠶᠢᠬᠤ ᠪᠥᠭᠡᠳ 3 ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠵᠤ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠵᠥᠩ ᠳ᠋ᠦ᠋ᠤ ᠱᠠᠩ ᠳ᠋ᠦᠩ ᠵᠢᠶᠦ᠋ᠨ᠂ ᠹᠦ᠋ ᠯᠢ ᠱᠠᠨ᠂ ᠽᠢ ᠬᠦᠶ ᠬᠤᠸᠠ ᠹᠦ᠋᠂ ᠰᠦ ᠮᠧᠩ ᠲᠤᠷᠰᠢᠯᠲᠠ ᠶᠢᠨ ᠰᠤᠷᠭᠠᠭᠤᠯᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠤᠨ ᠰᠦᠯᠵᠢᠶᠡᠨ ᠤ ᠬᠠᠮᠢᠶᠠᠷᠤᠯᠲᠠ ᠶᠢᠨ ᠢᠨᠵᠧᠨᠧᠷᠢᠩ ᠵᠡᠷᠭᠡ ᠪᠠᠷᠢᠯᠭ᠎ᠠ ᠶᠢᠨ ᠭᠠᠵᠠᠷ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠴᠠᠭᠠᠬᠤ ᠠᠭᠤᠯᠭ᠎ᠠ ᠳᠤ ᠦᠢᠯᠡᠳᠪᠦᠷᠢ ᠠᠴᠠ ᠭᠠᠷᠬᠤ ᠲᠡᠭᠡᠭᠡᠪᠦᠷᠢ ᠶᠢᠨ ᠲᠡᠷᠭᠡ ᠬᠥᠰᠬᠡ ᠭᠤᠭᠤᠵᠢᠵᠤ ᠠᠰᠬᠠᠭᠰᠠᠨ᠂ ᠪᠣᠳᠠᠰ ᠤᠨ ᠮᠠᠲ᠋ᠧᠷᠢᠶᠠᠯ ᠢ ᠣᠪᠣᠭᠠᠯᠠᠵᠣ ᠲᠠᠯᠪᠢᠬᠤ᠂ ᠲᠣᠭᠤᠰᠣ ᠰᠢᠷᠣᠶ ᠰᠡᠷᠭᠡᠶᠢᠯᠡᠨ ᠡᠵᠡᠮᠳᠡᠭᠰᠡᠨ ᠵᠡᠷᠭᠡ ᠠᠭᠠᠷ ᠮᠠᠨᠳᠠᠯ ᠢ ᠨᠥᠯᠥᠭᠡᠯᠡᠭᠰᠡᠨ ᠵᠠᠷᠢᠮ ᠪᠠᠷᠢᠯᠭ᠎ᠠ ᠶᠢᠨ ᠠᠵᠢᠯᠯᠠᠭ᠎ᠠ ᠪᠠᠭᠲᠠᠨ᠎ᠠ᠃ ᠪᠠᠶᠢᠴᠠᠭᠠᠯᠲᠠ ᠶᠢᠨ ᠳᠤᠮᠳᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠡᠯ᠎ᠡ ᠪᠠᠷᠢᠯᠭ᠎ᠠ ᠶᠢᠨ ᠭᠠᠵᠠᠷ ᠤᠨ ᠬᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ᠡᠮᠦᠨ᠎ᠡ ᠬᠤᠭᠤᠴᠠᠭᠠᠨ ᠤ ᠪᠠᠷᠢᠯᠭ᠎ᠠ ᠶᠢᠨ ᠲᠣᠭᠤᠰᠣ ᠳᠡᠭᠳᠡᠬᠦ ᠠᠰᠠᠭᠤᠳᠠᠯ ᠠᠴᠠ ᠪᠣᠯᠵᠤ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠵᠠᠷᠢᠮ ᠪᠣᠳᠠᠲᠠᠶ ᠣᠷᠣᠨ ᠪᠠᠶᠢᠷᠢ ᠶᠢ ᠰᠣᠩᠭᠤᠨ ᠪᠠᠶᠢᠴᠠᠭᠠᠪᠠ᠃ ᠪᠠᠶᠢᠴᠠᠭᠠᠯᠲᠠ ᠪᠠᠷ ᠳᠠᠮᠵᠢᠨ᠂ ᠣᠯᠠᠩᠬᠢ ᠪᠠᠷᠢᠯᠭ᠎ᠠ ᠶᠢᠨ ᠭᠠᠵᠠᠷ ᠤᠨ ᠲᠣᠭᠤᠰᠣ ᠶᠢ ᠬᠢᠵᠠᠭᠠᠷᠯᠠᠨ ᠲᠣᠭᠤᠰᠣ ᠶᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠲᠠᠪᠣᠷᠢᠵᠢᠭᠤᠯᠬᠤ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ᠲᠦᠪᠰᠢᠨ ᠮᠠᠰᠢ ᠶᠡᠭᠡ ᠳᠡᠭᠡᠭᠰᠢᠯᠡᠵᠡᠶ᠃      ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠦᠷᠭᠦᠯᠵᠢᠯᠡᠨ ᠪᠠᠶᠢᠴᠠᠭᠠᠯᠲᠠ ᠥᠷᠨᠢᠭᠦᠯᠵᠦ᠂ ︽ᠬᠠᠷᠢᠶ᠎ᠠ ᠣᠷᠣᠨ ᠤ ᠪᠠᠷᠢᠯᠭ᠎ᠠ ᠶᠢᠨ ᠭᠠᠵᠠᠷ ᠢ ᠪᠦᠬᠦᠨ ᠢ ᠪᠦᠷᠬᠦᠭᠦᠯᠵᠦ᠂ ᠠᠰᠠᠭᠤᠳᠠᠯ ᠲᠠᠢ ᠪᠠᠷᠢᠯᠭ᠎ᠠ ᠶᠢᠨ ᠭᠠᠵᠠᠷ ᠢ ᠭᠤᠤᠯᠳᠠᠯᠭ᠎ᠠ ᠲᠠᠢ ᠠᠩᠬᠠᠷᠴᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠡᠷᠭᠢᠵᠦ ᠦᠵᠡᠬᠦ︾ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠠᠰᠠᠭᠤᠳᠠᠯ ᠳᠠᠬᠢᠨ ᠳᠠᠪᠲᠠᠨ ᠢᠯᠡᠷᠡᠭᠰᠡᠨ ᠪᠠᠷᠢᠯᠭ᠎ᠠ ᠶᠢᠨ ᠭᠠᠵᠠᠷ ᠢ ᠴᠢᠩᠭ᠎ᠠ  ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号