ᠸᠠᠩ ᠶᠢᠨ ᠯᠦᠩ ᠲᠤᠭᠤᠷᠢᠭ ᠤᠨ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-09-03
     ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠯᠣᠰ ᠲᠦᠷᠦ ᠪᠠ ᠬᠠᠣᠯᠢ ᠴᠠᠭᠠᠵᠠ ᠶᠢᠨ ᠬᠤᠷᠢᠶ᠎ᠠ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠣᠨ ᠥᠷᠨᠢᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠯᠣᠰ ᠲᠦᠷᠦ ᠪᠠ ᠬᠠᠣᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠶᠢᠨ ᠯᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠯᠣᠰ ᠲᠦᠷᠦ ᠪᠠ ᠬᠠᠣᠯᠢ ᠴᠠᠭᠠᠵᠠ ᠶᠢᠨ ᠬᠤᠷᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠸᠠᠩ ᠶᠢᠨ ᠯᠦᠩ ᠨᠠᠷ ᠤᠷᠢᠳ ᠬᠤᠵᠢᠳ ᠪᠠᠳᠺᠠᠷ ᠰᠦᠮ᠎ᠡ ᠪᠠᠯᠭᠠᠰᠤ᠂ ᠪᠠᠶ ᠬᠣ᠋ ᠭᠸᠦ ᠵᠡᠭᠡᠯᠢ ᠭᠤᠳᠤᠮᠵᠢ᠂ ᠳ᠋ᠠ ᠼᠢ ᠵᠡᠭᠡᠯᠢ ᠭᠤᠳᠤᠮᠵᠢ᠂ ᠰᠢᠭᠤᠶᠢᠲᠣ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠺᠧ ᠳ᠋ᠠ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠰᠤᠷᠪᠤᠯᠵᠢᠯᠠᠨ ᠶᠠᠷᠢᠯᠴᠠᠵᠤ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠣᠨᠴᠠ ᠵᠠᠷᠢᠮ ᠠᠵᠤ ᠠᠬᠤᠶᠢᠯᠠᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠣᠯᠲᠠ᠂ ᠦᠨᠳᠦᠰᠦᠨ ᠱᠠᠲᠤᠨ ᠤ ᠵᠥᠷᠢᠴᠡᠯ ᠤᠨ ᠬᠡᠮ ᠰᠣᠭᠤᠭ ᠢ ᠪᠠᠶᠢᠴᠠᠭᠠᠨ ᠠᠷᠢᠯᠭᠠᠬᠤ᠂ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠪᠣᠯᠤᠨ ᠬᠡᠮ ᠰᠣᠭᠤᠭ ᠢ ᠭᠦᠨᠵᠡᠭᠡᠶ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃
ᠸᠠᠩ ᠶᠢᠨ ᠯᠦᠩ ᠵᠢᠭᠠᠵᠤ ᠭᠠᠷᠭᠠᠭᠰᠠᠨ ᠨᠢ      ᠭᠠᠵᠠᠷ ᠣᠷᠣᠨ ᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠮᠤᠭ ᠤᠨ ᠦᠨᠳᠦᠰᠦᠨ ᠰᠠᠭᠤᠷᠢ ᠮᠥᠨ᠂ ᠡᠯ᠎ᠡ ᠭᠠᠵᠠᠷ ᠣᠷᠣᠨ ᠤ ᠰᠠᠯᠠᠭ᠎ᠠ ᠮᠥᠴᠢᠷ ᠡᠷᠬᠡᠪᠰᠢ ᠶᠡᠷᠦᠩᠬᠡᠶᠢᠯᠡᠨ ᠵᠠᠰᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ ᠱᠠᠲᠤᠨ ᠤ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠭᠠᠵᠠᠷ ᠣᠷᠣᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ᠃
ᠸᠠᠩ ᠶᠢᠨ ᠯᠦᠩ ᠴᠢᠬᠤᠯᠠᠴᠢᠯᠠᠭᠰᠠᠨ ᠨᠢ      ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠴᠢᠨᠠᠭᠰᠢᠳᠠ ᠪᠣᠭᠤᠮᠲᠠ ᠰᠢᠪᠲᠤᠯᠵᠤ᠂ ᠤᠬᠠᠭᠤᠯᠤᠨ ᠳᠠᠶᠢᠴᠢᠯᠠᠬᠤ᠂ ᠰᠦᠪᠡᠭᠴᠢ ᠶᠢ ᠪᠠᠶᠢᠴᠠᠭᠠᠨ ᠵᠢᠭᠰᠠᠭᠠᠬᠤ᠂ ︽ᠰᠢᠬᠦᠷ ᠢᠶᠠᠷ ᠲᠣᠤᠷ ᠢᠶᠠᠨ ᠡᠪᠳᠡᠬᠦ︾ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠶ︔ ᠦᠨᠳᠦᠰᠦᠨ ᠱᠠᠲᠤᠨ ᠤ ᠨᠡᠢᠭᠡᠮ ᠤᠨ ᠵᠠᠰᠠᠯᠲᠠ ᠶᠢ ᠴᠢᠩᠭᠠᠳᠬᠠᠵᠤ᠂ ᠣᠨᠴᠠᠭᠠᠶᠢᠯᠠᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠤᠷᠵᠢᠭᠤᠯᠤᠭᠴᠢ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ︔ ᠵᠥᠷᠢᠴᠡᠯ ᠤᠨ ᠬᠡᠮ ᠰᠣᠭᠤᠭ ᠢ ᠪᠠᠶᠢᠴᠠᠭᠠᠨ ᠨᠠᠮᠳᠠᠭᠠᠬᠤ ᠠᠵᠢᠯ ᠢ ᠰᠠᠶᠢᠲᠤᠷ ᠠᠳᠬᠤᠵᠤ᠂ ᠡᠬᠢ ᠡᠭᠦᠰᠦᠯ ᠠᠴᠠ ᠨᠢ ᠰᠢᠢᠳᠪᠦᠷᠢᠯᠡᠵᠦ ᠪᠣᠯᠬᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠡᠷᠡᠰ ᠰᠢᠢᠳᠪᠦᠷᠢᠯᠡᠵᠦ᠂ ᠠᠵᠢᠯ ᠦᠯᠦ ᠬᠢᠬᠦ ᠤᠳᠠᠭᠠᠨ ᠬᠢᠬᠦ ᠨᠢ ᠵᠥᠷᠢᠴᠡᠯ ᠢ ᠦᠯᠦ ᠰᠤᠷᠪᠤᠯᠵᠢᠯᠠᠬᠤ᠂ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠵᠡᠷᠭᠡ ᠰᠠᠨᠠᠭᠠᠴᠢᠯᠠᠭᠠᠲᠤ ᠪᠤᠰᠤ ᠪᠠᠶᠢᠳᠠᠯ ᠢ ᠪᠣᠶ ᠪᠣᠯᠭᠠᠬᠤ ᠶᠢ ᠡᠷᠡᠰ ᠬᠤᠷᠢᠭᠯᠠᠬᠤ ᠬᠡᠷᠡᠭᠲᠡᠶ︔ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠴᠢᠬᠤᠯᠠᠴᠢᠯᠠᠨ᠂ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠤᠬᠠᠭᠤᠯᠭ᠎ᠠ ᠶᠢ ᠴᠢᠬᠤᠯᠠᠴᠢᠯᠠᠨ᠂ ᠵᠢᠭᠰᠠᠭᠠᠨ ᠪᠠᠶᠢᠴᠠᠭᠠᠵᠤ᠂ ᠭᠠᠵᠢᠭᠤ ᠨᠣᠮᠯᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯᠲᠠᠶ ᠳᠡᠯᠪᠡᠴᠢᠬᠦ ᠠᠵᠢᠯ ᠲᠥᠷᠥᠯ ᠤᠨ ᠬᠢᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠲᠤᠷ ᠨᠠᠢᠳᠠᠪᠤᠷᠢᠵᠢᠭᠤᠯᠬᠤ᠂ ᠦᠢᠯᠡᠳᠪᠦᠷᠢᠯᠡᠯ᠂ ᠲᠡᠭᠡᠭᠡᠪᠦᠷᠢ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ ᠨᠡᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号