ᠰᠢᠭᠤᠶᠢᠲᠣ ᠵᠡᠭᠡᠯᠢ ᠭᠤᠳᠤᠮᠵᠢ ᠶᠢᠨ ᠬᠢᠨ ᠴᠠᠬᠢᠯᠭᠠᠨ ᠣᠳᠠᠰᠣ ᠶᠢᠨ ᠵᠠᠮ ᠱᠤᠭᠤᠮ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2019-09-04
     ᠣᠶᠢᠷ᠎ᠠ ᠳᠤ᠂ ᠰᠢᠭᠤᠶᠢᠲᠣ ᠵᠡᠭᠡᠯᠢ ᠭᠤᠳᠤᠮᠵᠢ ᠶᠢᠨ ᠠᠵᠢᠯᠲᠠᠨ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠣᠳᠠᠰᠣ ᠶᠢᠨ ᠵᠠᠮ ᠱᠤᠭᠤᠮ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠵᠤ ᠪᠠᠶᠢᠨ᠎ᠠ᠃
     ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠶᠢᠨ ᠭᠤᠤᠯᠳᠠᠯᠭ᠎ᠠ ᠪᠣᠯ᠂ ᠬᠠᠭᠤᠴᠢᠨ ᠭᠡᠷ ᠪᠠᠶᠢᠰᠢᠩ ᠤᠨ ᠴᠠᠬᠢᠯᠭᠠᠨ ᠣᠳᠠᠰᠣ ᠶᠢᠨ ᠵᠠᠮ ᠱᠤᠭᠤᠮ ᠨᠢ ᠡᠷᠦᠶ ᠬᠤᠷᠤᠶ ᠥᠬᠡᠶ ᠰᠤᠨᠵᠢᠷᠠᠭᠰᠠᠨ ᠪᠠᠶᠢᠳᠠᠯ ᠲᠠᠢ ᠪᠠᠶᠢᠵᠤ᠂ ᠵᠠᠮ ᠱᠤᠭᠤᠮ ᠨᠢ ᠬᠠᠭᠤᠴᠢᠷᠠᠭᠰᠠᠨ ᠠᠰᠠᠭᠤᠳᠠᠯ ᠪᠠᠶᠢᠬᠤ ᠡᠰᠡᠬᠦ ᠵᠡᠷᠭᠡ ᠪᠣᠯᠤᠨ᠎ᠠ᠂ ᠵᠢᠭᠰᠠᠭᠠᠨ ᠪᠠᠶᠢᠴᠠᠭᠠᠬᠤ ᠶᠢᠨ ᠬᠠᠮᠲᠤ ᠂ ᠠᠵᠢᠯᠲᠠᠳ ᠪᠠᠰᠠ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠤᠬᠠᠭᠤᠯᠵᠤ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠬᠤ ᠶᠢ ᠴᠢᠩᠭ᠎ᠠ ᠴᠠᠭᠠᠵᠠᠯᠠᠵᠤ᠂ ᠵᠠᠮ ᠱᠤᠭᠤᠮ ᠨᠢ ᠬᠠᠭᠤᠴᠢᠷᠠᠭᠰᠠᠨ ᠢ ᠣᠯᠵᠤ ᠮᠡᠳᠡᠪᠡᠯ ᠴᠠᠭ ᠲᠤᠬᠠᠶ ᠳᠤᠨᠢ ᠰᠣᠯᠢᠬᠤ ᠬᠡᠷᠡᠭᠲᠡᠶ᠃      ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠳᠤ ᠡᠬᠡ ᠳᠠᠩᠰᠠ ᠪᠠᠶᠢᠭᠤᠯᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠢᠳᠡᠪᠬᠢᠲᠡᠶ ᠪᠠᠷ ᠰᠢᠢᠳᠪᠦᠷᠢᠯᠡᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号