ᠰᠢᠭᠤᠶᠢᠲᠣ ᠵᠡᠭᠡᠯᠢ ᠭᠤᠳᠤᠮᠵᠢ ᠶᠢᠨ ᠬᠢᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-09-04
     ᠬᠤᠲᠠ ᠶᠢᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠣ ᠵᠡᠭᠡᠯᠢ ᠭᠤᠳᠤᠮᠵᠢ ᠶᠢᠨ ᠬᠠᠮᠳᠣᠷᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠷᠢᠶ᠎ᠠ ᠣᠷᠣᠨ ᠤ ᠳᠦᠷᠢᠮ ᠠᠴᠠ ᠵᠥᠷᠢᠴᠡᠭᠰᠡᠨ ᠪᠠᠷᠢᠯᠭ᠎ᠠ ᠳᠤ ᠶᠡᠭᠡ ᠪᠠᠶᠢᠴᠠᠭᠠᠯᠲᠠ ᠬᠢᠵᠡᠶ᠃      ᠵᠢᠭᠰᠠᠭᠠᠨ ᠪᠠᠶᠢᠴᠠᠭᠠᠬᠤ ᠶᠠᠪᠤᠴᠠ ᠳᠤ᠂ ᠣᠯᠵᠤ ᠮᠡᠳᠡᠭᠰᠡᠨ ᠳᠦᠷᠢᠮ ᠠᠴᠠ ᠵᠥᠷᠢᠴᠡᠭᠰᠡᠨ ᠪᠠᠷᠢᠯᠭ᠎ᠠ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠢ ᠢᠳᠬᠠᠵᠤ ᠪᠠᠶᠢᠭᠠᠳ ᠨᠢᠭᠡᠨᠲᠡ ᠪᠣᠢ ᠪᠣᠯᠤᠭᠰᠠᠨ ᠡᠯ᠎ᠡ ᠵᠦᠢᠯ ᠤᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠥᠪᠡᠰᠦᠪᠡᠨ ᠨᠤᠷᠠᠭᠠᠯᠭᠠᠵᠤ᠂ ᠣᠪᠣᠷ ᠮᠠᠭᠤᠲᠠᠶ ᠥᠮᠴᠢᠲᠡᠨ ᠳᠤ᠂ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠲᠡᠭᠦᠨ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠬᠢᠬᠦ ᠶᠢᠨ ᠬᠠᠮᠲᠤ ᠬᠤᠭᠤᠴᠠᠭ᠎ᠠ ᠲᠣᠭᠲᠠᠭᠠᠨ ᠨᠤᠷᠠᠭᠠᠬᠤ ᠮᠡᠳᠡᠭᠳᠡᠯ ᠪᠠᠭᠤᠯᠭᠠᠵᠠᠶ᠃ ᠡᠭᠦᠨ ᠤ ᠬᠠᠮᠲᠤ᠂ ᠲᠣᠰ ᠤᠳᠠᠭᠠᠨ ᠤ ᠠᠵᠢᠯᠯᠠᠭ᠎ᠠ ᠨᠢ ᠠᠯᠪᠠᠨ ᠵᠠᠷ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠦᠮᠡᠨ ᠳᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠶᠡᠭᠡ ᠪᠠᠷ ᠤᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠪᠠᠲᠤ ᠪᠠᠬᠢ ᠦᠵᠡᠯᠲᠡ ᠪᠤᠢ ᠪᠣᠯᠭᠠᠬᠤ ᠬᠡᠷᠡᠭᠲᠡᠶ᠃
     ᠰᠢᠭᠤᠶᠢᠲᠤ ᠵᠡᠭᠡᠯᠢ ᠭᠤᠲᠣᠮᠵᠢ ᠡᠯ᠎ᠡ ᠵᠦᠢᠯ ᠤᠨ ᠠᠷᠭ᠎ᠠ ᠵᠠᠮ ᠢ ᠠᠰᠢᠭᠯᠠ᠂ ᠤᠬᠠᠭᠤᠯᠭ᠎ᠠ ᠪᠠᠨ ᠴᠢᠩᠭᠠᠳᠬᠠᠵᠤ᠂ ᠬᠠᠮᠢᠶᠠᠷᠤᠯᠲᠠ ᠪᠠᠨ ᠴᠢᠩᠭᠠᠳᠬᠠᠨ᠂ ᠬᠤᠪᠢ ᠪᠠᠢ ᠢᠶᠠᠨ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号