ᠰᠢᠭᠤᠶᠢᠲᠣ ᠵᠡᠭᠡᠯᠢ ᠭᠤᠳᠤᠮᠵᠢ ᠶᠢᠨ ᠬᠢᠨ ᠵᠡᠮᠳᠡᠭᠴᠦᠳ ᠤᠨ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠵᠦ ᠴᠤᠭᠯᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2019-09-04
     ᠬᠠᠷᠢᠶ᠎ᠠ ᠣᠷᠣᠨ ᠤ ᠳᠣᠲᠣᠷᠠᠬᠢ ᠵᠡᠮᠳᠡᠭᠴᠦᠳ ᠤᠨ ᠦᠨᠳᠦᠰᠦᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠡᠵᠡᠮᠰᠢᠵᠦ᠂ ᠵᠡᠮᠳᠡᠭᠴᠦᠳ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠰᠠᠶᠢᠲᠤᠷ ᠬᠢᠵᠦ᠂ ᠲᠠᠷᠠᠭᠠᠴᠢ ᠶᠢᠨ ᠠᠯᠬᠤᠮ ᠳᠤ ᠵᠡᠮᠳᠡᠭᠴᠦᠳ ᠲᠤ ᠬᠠᠪᠰᠤᠷᠤᠨ ᠲᠡᠳᠬᠦᠬᠦ᠂ ᠬᠦᠴᠢᠷᠳᠡᠯ ᠠᠴᠠ ᠠᠩᠭᠢᠵᠢᠷᠠᠭᠤᠯᠬᠤ ᠵᠢᠴᠢ ᠡᠷᠡᠭᠦᠯᠵᠢᠭᠦᠯᠬᠦ ᠠᠵᠢᠯ ᠬᠢᠬᠦ ᠳᠤ ᠨᠠᠶᠢᠳᠠᠪᠤᠷᠢᠲᠠᠶ ᠦᠨᠳᠦᠰᠦᠯᠡᠯ ᠬᠠᠩᠭᠠᠬᠤ ᠬᠡᠷᠡᠭᠲᠡᠶ᠃ 8 ᠳ᠋ᠤᠭᠠᠷ ᠰᠠᠷ᠎ᠠ ᠶᠢᠨ 23 ᠤ ᠡᠳᠦᠷ᠂ ᠰᠢᠭᠤᠶᠢᠲᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯᠲᠠᠳ ᠢᠶᠠᠨ ᠢᠳᠡᠪᠬᠢᠲᠡᠢ ᠵᠣᠬᠢᠶᠠᠨ ᠪᠠᠶᠢᠭᠤᠯᠵᠣ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠪᠦᠬᠦ ᠤᠯᠤᠰ ᠤᠨ ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠣᠯᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠮᠡᠳᠡᠭᠡ ᠵᠠᠩᠭᠢ ᠶᠢ ᠴᠤᠭᠯᠠᠭᠤᠯᠤᠨ ᠪᠣᠯᠪᠠᠰᠤᠷᠠᠭᠤᠯᠬᠤ ᠬᠤᠷᠠᠯ ᠳᠤ ᠣᠷᠣᠯᠴᠠᠭᠤᠯᠪᠠ᠃
     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠲᠤᠭ᠎ᠠ ᠪᠦᠷᠢᠳᠬᠡᠯ ᠤᠨ ᠠᠷᠭ᠎ᠠ ᠶᠢ ᠨᠠᠩ ᠰᠠᠶᠢᠨ ᠡᠵᠡᠮᠰᠢᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠢᠲᠡᠭᠡᠮᠵᠢᠲᠠᠢ ᠴᠢᠨᠠᠷ ᠢ ᠬᠥᠳᠡᠯᠦᠩᠭᠦᠶ ᠪᠠᠷ ᠰᠢᠨᠡᠳᠬᠡᠬᠦ ᠶᠠᠪᠤᠳᠠᠯ ᠢ ᠦᠨᠡᠨᠬᠦ ᠪᠠᠲᠤᠯᠠᠵᠤ᠂ ᠬᠥᠳᠡᠯᠦᠩᠭᠦᠶ ᠪᠠᠷ ᠰᠢᠨᠡᠳᠬᠡᠬᠦ ᠠᠵᠢᠯ ᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ᠂ ᠵᠡᠮᠳᠡᠭᠴᠦᠳ ᠤᠨ ᠳᠡᠷᠭᠡᠳᠡ ᠬᠢᠬᠦ ᠶᠢ ᠴᠢᠷᠮᠠᠶᠢᠨ ᠪᠡᠶᠡᠯᠡᠭᠦᠯᠵᠦ᠂ ᠨᠠᠷᠢᠯᠢᠭ ᠣᠨᠣᠪᠴᠢᠲᠠᠶ ᠪᠠᠷ ᠦᠢᠯᠡᠴᠢᠯᠡᠬᠦ ᠶᠢ ᠪᠡᠶᠡᠯᠡᠭᠦᠯᠦᠨ᠂ ᠰᠢᠭᠤᠶᠢᠲᠣ ᠵᠡᠭᠡᠯᠢ ᠭᠤᠳᠤᠮᠵᠢ ᠶᠢᠨ ᠵᠡᠮᠳᠡᠭᠴᠦᠳ ᠤᠨ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠬᠦ ᠴᠤᠭᠯᠠᠭᠤᠯᠬᠤ ᠠᠵᠢᠯ ᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号