| ᠰᠢᠭᠤᠶᠢᠲᠣ ᠠᠯᠪᠠᠨ ᠲᠠᠷᠬᠠᠭᠠᠭᠰᠠᠨ ︹ 2019 ︺ 31 ᠳ᠋ᠦᠭᠡᠷ ᠲᠣᠭᠠᠲᠤ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠢᠭᠤᠶᠢᠲᠤ ᠲᠣᠭᠤᠷᠢᠭ ᠤᠨ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠭᠡ ︾ | ᠶᠢᠨ ᠥᠭᠡᠷᠡᠴᠢᠯᠡᠯᠲᠡ ᠵᠣᠬᠢᠴᠠᠭᠤᠯᠲᠠ ᠶᠢᠨ ᠳᠣᠭᠤᠶᠢᠯᠠᠩ ᠢ ᠠᠬᠢᠭᠤᠯᠬᠤ ᠲᠤᠬᠠᠶ ᠮᠡᠳᠡᠭᠳᠡᠯ | | ᠵᠢᠪᠬᠤᠯᠠᠩᠲᠤ ᠰᠤᠮᠤ᠂ ᠪᠠᠳᠺᠠᠷ ᠰᠦᠮ᠎ᠡ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ | ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠡᠯ᠎ᠡ ᠠᠷᠠᠳ ᠤᠨ ᠪᠦᠯᠬᠦᠮ ᠳᠤ᠄ | ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠭᠡ︾ | ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠭᠦᠨᠵᠡᠭᠡᠶ ᠬᠤᠪᠢᠷᠠᠭᠤᠯᠬᠤ ᠶᠢ ᠲᠦᠷᠭᠡᠳᠬᠡᠬᠦ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠭᠤᠷᠢᠭ ᠤᠨ ᠵᠠᠰᠠᠭ ᠤᠨ | ᠣᠷᠳᠣᠨ ᠤ ᠵᠦᠪᠰᠢᠶᠠᠷᠡᠯᠭᠡ ᠳᠣᠣᠷ᠎ᠠ᠂ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠭᠡ︾ ᠥᠭᠡᠷᠡᠴᠢᠯᠡᠯᠲᠡ ᠵᠣᠬᠢᠴᠠᠭᠤᠯᠲᠠ | ᠶᠢᠨ ᠳᠤᠭᠤᠶᠢᠯᠠᠩ ︵ᠳᠣᠷᠣᠭᠰᠢ ᠵᠣᠬᠢᠴᠠᠭᠤᠯᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠭᠦᠷᠭᠡ ᠬᠠᠷᠢᠭᠤᠴᠠᠯᠭ᠎ᠠ | ︵ᠨᠢᠭᠡ︶ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠯᠢ ᡁᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ | ᠪᠠᠶᠢᠩᠭᠤ ᠶᠢᠨ ᠳᠡᠳ᠋ ᠳᠣᠭᠤᠶᠢᠯᠠᠩ ᠤᠨ ᠳᠠᠷᠤᠭ᠎ᠠ᠄ ᠸᠠᠩ ᡁᠢ ᠭᠠᠩ ᠵᠠᠰᠠᠭ ᠤᠨ ᠣᠷᠳᠣᠨ ᠤ ᠳᠡᠳ᠋ | ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠵᠧᠩ ᠢᠦᠶ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠳ᠋ᠦᠩ ᠱᠣ᠋ ᠰᠢᠶᠦ᠋ᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ | ᠭᠡᠰᠢᠭᠦᠨ᠄ ᠷᠧᠨ ᠸᠧᠨ ᠴᠢᠶᠠᠩ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ | | ᠵᠠᠩ ᠰᠢ ᠴᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠮᠠ ᠪᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠠᠩ ᠳ᠋ᠦᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠵᠠᠩ ᠹᠸᠢ ᠰᠢᠶᠦ᠋ᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ | ᠳᠡᠳ᠋ ᠳᠠᠷᠤᠭ᠎ᠠ | ᠪᠠᠶ ᠯᠢ ᠮᠧᠶ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ | ᠸᠠᠩ ᠰᠢᠤᠢ ᠳ᠋ᠦᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠯᠢᠦ ᠰᠢᠶᠣᠣ ᠮᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠰᠢᠶᠣᠤ ᠹᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ︵ᠠᠵᠢᠯ | ᠡᠷᠬᠢᠯᠡᠬᠦ︶ | ᠵᠤᠤ ᠵᠧᠨ ᠬᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠬᠤᠤ ᠴᠦᠨ ᠭᠤᠸᠠᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠠᠷᠤᠭ᠎ᠠ | ᠶᠠᠩ ᠶᠦᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠬᠤᠤ ᠮᠧᠶ ᠵᠦ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠯᠢᠦ ᡁᠢ ᠴᠢᠶᠠᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠳᠠᠷᠤᠭ᠎ᠠ | ᠳᠠᠩ ᠬᠤᠸᠠ ᠢᠦᠶ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶᠠᠨ ᠤ ᠳᠠᠷᠤᠭ᠎ᠠ | ᠵᠠᠩ ᠮᠢᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠸᠠᠩ ᠪᠢᠨ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ | ᠲᠣᠪᠴᠢᠶᠠᠨ ᠤ ᠳᠠᠷᠤᠭ᠎ᠠ | ᠯᠢ ᠰᠢᠨ ᠮᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠾᠧ ᠸᠧᠨ ᠫᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠮᠤᠩ ᠰᠢᠶᠣᠤ ᠵᠢᠶᠦ᠋ᠨ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶᠠᠨ ᠤ ᠳᠠᠷᠤᠭ᠎ᠠ | ᠵᠠᠩ ᠵᠢᠶᠠᠨ ᠴᠦᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ | ᠰᠦᠩ ᠬᠠᠢ ᠵᠢᠶᠦ᠋ᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ | ᠵᠤᠤ ᠸᠧᠶ ᠲᠣᠭᠤᠷᠢᠭ ᠤᠨ ᠤᠯᠤᠰ ᠤᠨᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠴᠢ ᠶᠦᠩ ᠸᠠᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶᠠᠨ ᠤ ᠳᠠᠷᠤᠭ᠎ᠠ | ᠵᠢᠶᠠ ᠶᠦᠨ ᠯᠦᠩ ᠲᠣᠭᠤᠷᠢᠭ ᠤᠨ ᠭᠠᠶᠢᠯᠢ ᠶᠢᠨ ᠲᠣᠪᠴᠢᠶᠠᠨ ᠤ ᠳᠠᠷᠤᠭ᠎ᠠ | ᠾᠧᠦ ᠪᠥᠸᠧ ᠲᠣᠭᠤᠷᠢᠭ ᠤᠨ ᠡᠪᠡᠰᠦ ᠲᠠᠮᠠᠬᠢ ᠲᠤᠰᠬᠠᠶ ᠬᠤᠳᠠᠯᠳᠤᠬᠤ ᠲᠣᠪᠴᠢᠶᠠᠨ ᠤ | ᠳᠠᠷᠤᠭ᠎ᠠ | ︵ᠬᠤᠶᠠᠷ︶ ᠭᠤᠤᠯ ᠡᠭᠦᠷᠭᠡ ᠬᠠᠷᠢᠭᠤᠴᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ | ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠲᠣᠭᠤᠷᠢᠨ ᠳᠤ᠂ ᠲᠦᠷᠭᠡᠳᠬᠡᠨ ᠠᠬᠢᠭᠤᠯᠬᠤ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ | ᠭᠦᠨᠵᠡᠭᠡᠶ ᠬᠤᠪᠢᠷᠠᠭᠤᠯᠵᠤ᠂ ᠮᠠᠨ ᠤ ᠤᠯᠤᠰ ᠤᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠭᠡ︾ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠪᠣᠯᠤᠨ ᠴᠢᠬᠤᠯᠠ ᠵᠦᠢᠯᠡᠰ ᠢ ᠨᠢᠭᠡᠳᠦᠯᠲᠡᠶ ᠲᠥᠯᠥᠪᠯᠡᠨ ᠰᠤᠳᠤᠯᠤᠨ ᠠᠬᠢᠭᠤᠯᠵᠤ | ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠠᠬᠢᠭᠤᠯᠤᠨ ᠰᠢᠢᠳᠪᠦᠷᠢᠯᠡᠵᠦ᠂ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠢᠳᠠᠪᠤᠷᠢᠵᠢᠭᠤᠯᠬᠤ᠂ ᠨᠠᠩ ᠶᠡᠭᠡ ᠬᠡᠪᠴᠢᠶ᠎ᠡ᠂ ᠨᠠᠩ ᠥᠨᠳᠥᠷ ᠳᠡᠰ ᠳᠠᠪᠬᠤᠷᠭ᠎ᠠ ᠳᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠎ᠡ᠃ | ᠵᠣᠬᠢᠴᠠᠭᠤᠯᠬᠤ ᠳᠤᠭᠤᠶᠢᠯᠠᠩ ᠤᠨ ᠳᠣᠤᠷ᠎ᠠ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ ᠢ | ᠴᠣᠮᠬᠠᠳᠬᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠳᠤᠭᠤᠶᠢᠯᠠᠩ ᠢ ᠤᠷᠮᠠᠰᠢᠭᠤᠯᠬᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠭᠤᠶᠢᠯᠠᠩ᠂ ᠨᠡᠶᠢᠭᠡᠮ ᠤᠨ ᠦᠢᠯᠡᠴᠢᠯᠡᠭᠡ ᠶᠢ ᠰᠠᠶᠢᠵᠢᠷᠠᠭᠤᠯᠬᠤ | ᠳᠤᠭᠤᠶᠢᠯᠠᠩ ᠵᠡᠷᠭᠡ 5 ᠲᠤᠰᠬᠠᠶ ᠰᠡᠳᠦᠪᠲᠦ ᠳᠤᠭᠤᠶᠢᠯᠠᠩ ᠪᠠ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠪᠠᠷ | ᠵᠠᠰᠠᠬᠤ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠡᠷᠭᠡ 4 ᠪᠠᠲᠤᠯᠠᠭ᠎ᠠ ᠶᠢᠨ ᠳᠤᠭᠤᠶᠢᠯᠠᠩ | ᠭᠠᠷᠭᠠᠨ᠎ᠠ᠃ | ᠬᠤᠶᠠᠷ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠲᠤᠰᠬᠠᠶ ᠰᠡᠳᠦᠪᠲᠦ ᠳᠤᠭᠤᠶᠢᠯᠠᠩ ᠵᠢᠴᠢ ᠭᠤᠤᠯ ᠡᠭᠦᠷᠭᠡ | ᠬᠠᠷᠢᠭᠤᠴᠠᠯᠭ᠎ᠠ | ︵ᠨᠢᠭᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠵᠠᠩ ᠰᠢ ᠴᠢᠩ ᠵᠠᠰᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠵᠢᠶᠠᠩ ᠱᠠᠨ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠽᠧᠤ ᠯᠧᠢ ᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠡᠷᠬᠢᠯᠡᠬᠦ ᠭᠡᠰᠢᠭᠦᠴᠢ | ᠹᠠᠨ ᠸᠧᠨ ᠲᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ | ᠡᠷᠬᠢᠯᠡᠭᠴᠢ | ᠯᠢ ᠹᠦ᠋ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠠᠩ ᠬᠤᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠡᠷᠬᠢᠯᠡᠭᠴᠢ ᠭᠡᠰᠢᠭᠦᠴᠢ | ᠸᠠᠩ ᠸᠧᠨ ᠭᠦᠸᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠳᠡᠳ᠋ ᠳᠠᠷᠤᠭ᠎ᠠ | ᠮᠠᠨ ᠤ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠪᠡᠯᠡ | ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠦᠭᠦᠯᠡᠨ | ᠠᠬᠢᠭᠤᠯᠬᠤ ᠶᠢ ᠬᠠᠷᠢᠭᠤᠴᠠᠨ᠎ᠠ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠡᠯ᠎ᠡ ᠲᠥᠷᠥᠯ ᠤᠨ ᠵᠠᠰᠠᠭ | ᠵᠠᠬᠢᠷᠭᠠᠨ ᠤ ᠵᠥᠪᠰᠢᠶᠡᠷᠡᠯ ᠢ ᠢᠯᠭᠠᠷᠠᠭᠤᠯᠬᠤ ᠪᠠ ᠵᠢᠷᠤᠮᠵᠢᠭᠤᠯᠬᠤ ᠵᠡᠷᠭᠡ ᠵᠦᠢᠯᠡᠰ ᠢ ᠵᠣᠬᠢᠴᠠᠭᠤᠯᠤᠨ ᠠᠬᠢᠭᠤᠯᠵᠤ᠂ | ᠪᠡᠯᠡ ᠣᠷᠣᠭᠤᠯᠤᠯᠲᠠ ᠶᠢᠨ ᠵᠦᠶ᠋ᠯᠡᠰ ᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠵᠦᠢᠯᠡᠰ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ ᠵᠡᠷᠭᠡ ᠵᠦᠶ᠋ᠯᠡᠰ ᠢ ᠢᠯᠭᠠᠷᠠᠭᠤᠯᠤᠨ ᠴᠣᠮᠬᠠᠳᠬᠠᠵᠤ | ᠂ ᠣᠷᠣᠨ ᠪᠦᠰᠡ ᠶᠢ ᠦᠨᠡᠯᠡᠨ ᠵᠢᠱᠢᠬᠦ᠂ ᠬᠠᠮᠲᠤᠷᠠᠨ ᠬᠢᠨᠠᠨ ᠲᠣᠭᠲᠠᠭᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ | ᠵᠡᠷᠭᠡ ᠶᠢ ᠬᠡᠷᠡᠭᠵᠢᠭᠦᠯᠦᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠤᠴᠢᠷ ᠶᠠᠪᠤᠳᠠᠯ ᠤᠨ | ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ ᠰᠢᠮᠳᠠᠭᠤᠯᠤᠨ | ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠲᠠᠯ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ | ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠪᠥᠬᠦ ᠲᠣᠭᠤᠷᠢᠭ ᠤᠨ ᠨᠢᠭᠡ ᠴᠣᠭᠴᠠᠵᠢᠭᠤᠯᠤᠭᠰᠠᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ | ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠵᠣᠯᠭᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠶᠢ | ᠠᠬᠢᠭᠤᠯᠤᠨ᠂ ︽ᠦᠨᠡᠮᠯᠡᠯ ᠢ ᠪᠠᠭᠠᠰᠬᠠᠵᠤ ᠠᠷᠠᠳ ᠲᠤ ᠳᠥᠭᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠮᠠ ᠪᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ | ᠳᠣᠭᠤᠶᠢᠯᠠᠩ ᠤᠨ ᠳᠡᠳ᠋ ᠳᠠᠷᠤᠭ᠎ᠠ᠄ ᠮᠦ ᠰᠢᠤᠸᠠᠢ ᠭᠠᠩ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠶᠢᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠥᠪ ᠤᠨ ᠡᠷᠬᠢᠯᠡᠭᠴᠢ | ᠹᠠᠨ ᠸᠧᠨ ᠲᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ | ᠡᠷᠬᠢᠯᠡᠭᠴᠢ | ᠵᠢᠶ ᠳ᠋ᠦᠩ ᠶᠢᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶᠠᠨ ᠤ ᠳᠡᠳ᠋ ᠳᠠᠷᠤᠭ᠎ᠠ | ᠯᠢ ᠹᠦ᠋ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠹᠠᠨ ᠹᠦ᠋ ᠵᠢᠶᠠᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠵᠠᠩ ᠬᠤᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠡᠷᠬᠢᠯᠡᠭᠴᠢ ᠭᠡᠰᠢᠭᠦᠴᠢ | ᠴᠢᠶᠣᠤ ᠸᠧᠶ ᠵᠢᠶᠠᠨ ᠲᠣᠭᠤᠷᠢᠭ ᠤᠨ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠷᠦᠭᠦᠯᠡᠨ ᠬᠠᠷᠢᠭᠤᠴᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠡᠷᠢᠭᠦᠨ ᠤ ᠬᠤᠲᠠ ᠶᠢᠨ ᠲᠣᠭᠤᠷᠢᠭ ᠢ ᠪᠠᠶᠢᠭᠤᠯᠤᠨ᠎ᠠ᠃ | ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠪᠦᠬᠦ ᠤᠯᠤᠰ ᠠᠴᠠ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠢᠭᠡᠳᠦᠯᠲᠡᠶ ᠲᠣᠳᠣᠷᠬᠠᠶ ᠬᠠᠭᠤᠳᠠᠰᠤ ᠶᠢᠨ ᠳᠦᠷᠢᠮ ᠢ ᠲᠦᠯᠬᠢᠨ | ᠠᠬᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ | ᠲᠣᠭᠲᠠᠭᠠᠯ ᠪᠠ ᠠᠷᠭ᠎ᠠ ᠬᠢᠳᠡᠯ ᠢ ᠢᠯᠭᠠᠷᠠᠭᠤᠯᠤᠨ ᠲᠢᠭᠯᠡᠵᠦ ᠬᠦᠴᠦᠨ ᠦᠭᠡᠢ ᠪᠣᠯᠭᠠᠨ᠎ᠠ᠃ ᠭᠠᠳᠠᠭᠠᠳᠤ ᠪᠡᠯᠡ ᠶᠢᠨ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠵᠤ᠂ | ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ | ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡ ᠶᠢ ᠢᠯᠭᠠᠷᠠᠭᠤᠯᠤᠨ ᠵᠢᠷᠤᠮᠵᠢᠭᠤᠯᠵᠤ᠂ ᠲᠣᠳᠣᠷᠬᠠᠶ ᠬᠠᠭᠤᠳᠠᠰᠤ | ᠶᠣᠰᠣᠭᠠᠷ ᠰᠦᠢᠳᠭᠡᠯ ᠬᠤᠷᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠦᠢᠳᠭᠡᠯ ᠬᠤᠷᠢᠶᠠᠬᠤ ᠶᠢᠨ ᠬᠢᠨᠠᠨ | ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠯᠲᠠ ᠶᠢ | ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠤᠨ᠎ᠠ᠃ ᠦᠢᠯᠡᠴᠢᠯᠡᠭᠡᠨ ᠤ ᠲᠠᠯ᠎ᠠ ᠪᠠᠷ᠂ ᠥᠮᠴᠢᠯᠡᠬᠦ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠤᠰᠤ ︵ᠤᠰᠤ ᠲᠠᠲᠠᠷᠠᠭᠤᠯᠬᠤ ᠪᠠᠭᠲᠠᠨ᠎ᠠ︶ ᠴᠠᠬᠢᠯᠭᠠᠨ ᠤ | ᠳᠤᠯᠠᠭᠠᠯᠠᠭ᠎ᠠ᠂ ᠪᠠᠩᠬᠢ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ | ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤᠭᠤᠶᠢᠯᠠᠩ ᠢ ᠤᠷᠮᠠᠰᠢᠭᠤᠯᠬᠤ ᠬᠡᠷᠡᠭᠲᠡᠢ | ᠳᠤᠭᠤᠶᠢᠯᠠᠩ ᠤᠨ ᠳᠠᠷᠤᠭ᠎ᠠ᠄ ᠮᠠ ᠪᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠵᠧᠩ ᠯᠢ ᠮᠢᠨ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠲᠢᠶᠠᠨ ᠰᠢ ᠭᠠᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠹᠠᠨ ᠹᠦ᠋ ᠵᠢᠶᠠᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠮᠦ᠋ ᠰᠢᠣᠸᠠᠢ ᠲᠣᠭᠤᠷᠢᠭ ᠤᠨ ᠡᠳ᠋ ᠶᠢᠨ ᠵᠠᠰᠠᠭ ᠤᠨ ᠲᠣᠪᠴᠢᠶ᠎ᠠ ᠲᠥᠪᠯᠡᠷᠡᠭᠦᠯᠦᠨ ᠬᠤᠷᠢᠶᠠᠬᠤ ᠪᠠ | ᠥᠭᠬᠦ ᠲᠥᠪ ᠤᠨ ᠡᠷᠬᠢᠯᠡᠭᠴᠢ | ᠵᠠᠩ ᠸᠧᠶ ᠬᠠᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠴᠢᠶᠣᠤ ᠸᠧᠶ ᠵᠢᠶᠠᠨ ᠲᠣᠭᠤᠷᠢᠭ ᠤᠨ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ | ᠵᠠᠩ ᠬᠤᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠡᠷᠬᠢᠯᠡᠭᠴᠢ ᠭᠡᠰᠢᠭᠦᠴᠢ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠲᠦᠷᠦᠭᠦᠯᠡᠨ ᠠᠬᠢᠭᠤᠯᠬᠤ ᠶᠢ ᠬᠠᠷᠢᠭᠤᠴᠠᠵᠤ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠡᠰ ᠳᠠᠪᠰᠢᠭᠰᠠᠨ ᠬᠡᠪ ᠢ ᠡᠭᠦᠳᠴᠦ᠂ ᠰᠢᠨ᠎ᠡ | ᠬᠠᠭᠤᠴᠢᠨ ᠬᠥᠳᠡᠯᠭᠡᠬᠦ ᠡᠨᠧᠷᠭᠢ ᠶᠢᠨ ᠵᠠᠯᠭᠠᠯᠳᠤᠯ ᠰᠣᠯᠢᠭᠳᠠᠯ ᠢ ᠠᠬᠢᠭᠤᠯᠤᠨ᠎ᠠ᠃ ᠡᠷᠬᠡ ᠶᠢ ᠳᠣᠷᠣᠭᠰᠢ ᠪᠠᠭᠤᠯᠭᠠᠬᠤ | ᠲᠠᠯ᠎ᠠ ᠪᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠷᠭ᠎ᠠ | ᠮᠠᠶ᠋ᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠬᠢᠴᠠᠭᠤᠯᠤᠨ ᠠᠬᠢᠭᠤᠯᠵᠤ᠂ ᠳᠡᠭᠡᠲᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ | ᠨᠠᠩ ᠶᠡᠭᠡ ᠡᠵᠡᠨ ᠮᠡᠳᠡᠬᠦ ᠡᠷᠬᠡ ᠣᠯᠭᠤᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠬᠢᠨᠠᠨ ᠬᠠᠮᠢᠶᠠᠷᠬᠤ ᠲᠠᠯ᠎ᠠ ᠪᠠᠷ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠶ᠎ᠡ ᠪᠠᠨ | ᠦᠨᠳᠦᠰᠦᠯᠡᠨ ᠲᠣᠭᠲᠠᠭᠠᠵᠤ᠂ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠨ ᠬᠠᠮᠢᠶᠠᠷᠬᠤ ᠵᠠᠭᠪᠤᠷ ᠪᠠ ᠪᠠᠷᠢᠮᠵᠢᠶ᠎ᠠ | ᠵᠢᠷᠤᠮᠵᠢᠯ ᠶᠣᠰᠣᠭᠠᠷ ᠠᠮᠤᠷ ᠲᠦᠪᠰᠢᠨ ᠪᠠ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠦᠢᠯᠡᠴᠢᠯᠡᠭᠡᠨ ᠤ ᠲᠠᠯ᠎ᠠ ᠪᠠᠷ᠂ ᠡᠯ᠎ᠡ ᠲᠥᠷᠥᠯ ᠤᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠶᠢ ᠵᠣᠬᠢᠴᠠᠭᠤᠯᠤᠨ | ᠠᠬᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠨ᠎ᠡ᠃ ᠬᠤᠪᠢᠶᠠᠷᠢᠯᠠᠯᠲᠠ ᠶᠢᠨ ᠲᠣᠭᠲᠠᠴᠠ ᠶᠢ ᠥᠭᠡᠷᠡᠴᠢᠯᠡᠵᠦ᠂ ᠴᠢᠳᠠᠪᠤᠷᠢᠲᠠᠨ ᠤ ᠵᠦᠶ ᠵᠣᠬᠢᠰᠲᠠᠶ ᠪᠠᠷ | ᠰᠢᠯᠵᠢᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠢᠯ ᠣᠯᠭᠤᠯᠲᠠ ᠪᠠ ᠮᠡᠷᠭᠡᠵᠢᠯ ᠤᠨ ᠴᠢᠳᠠᠪᠤᠷᠢ ᠶᠢᠨ ᠦᠢᠯᠡᠴᠢᠯᠡᠭᠡ ᠶᠢ ᠴᠢᠩᠭᠠᠳᠬᠠᠵᠤ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ︵ᠳᠥᠷᠪᠡᠨ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠳᠤᠭᠤᠶᠢᠯᠠᠩ ᠢ | ᠭᠦᠨᠵᠡᠭᠡᠶᠢᠷᠡᠭᠦᠯᠦᠨ᠎ᠡ | ᠳᠤᠭᠤᠶᠢᠯᠠᠩ ᠤᠨ ᠳᠠᠷᠤᠭ᠎ᠠ᠄ ᠾᠧ ᠸᠧᠨ ᠫᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠧᠩ ᠯᠢ ᠮᠢᠨ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠽᠧᠤ ᠯᠧᠢ ᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠡᠷᠬᠢᠯᠡᠬᠦ ᠭᠡᠰᠢᠭᠦᠴᠢ | ᠵᠢᠶ ᠳ᠋ᠦᠩ ᠶᠢᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ | ᠳᠡᠳ᠋ ᠳᠠᠷᠤᠭ᠎ᠠ | ᠴᠢ ᠰᠢᠶᠣᠤ ᠸᠧᠶ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ | ᠳᠠᠷᠤᠭ᠎ᠠ | ᠸᠠᠩ ᠬᠤᠢ ᠮᠧᠶ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ | ᠹᠠᠨ ᠸᠧᠨ ᠲᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ | ᠡᠷᠬᠢᠯᠡᠭᠴᠢ | ᠯᠢ ᠶᠦᠩ ᠲᠣᠭᠤᠷᠢᠭ ᠤᠨ ᠭᠠᠶᠢᠯᠢ ᠶᠢᠨ ᠲᠣᠪᠴᠢᠶᠠᠨ ᠤ ᠳᠡᠳ᠋ ᠳᠠᠷᠤᠭ᠎ᠠ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ | ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ | ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠡᠷᠬᠡ ᠶᠢ ᠳᠣᠷᠣᠭᠰᠢ | ᠪᠠᠭᠤᠯᠭᠠᠬᠤ ᠲᠠᠯ᠎ᠠ ᠪᠠᠷ᠂ ᠠᠵᠤ ᠠᠬᠤᠶᠢᠯᠠᠯ ᠡᠷᠬᠢᠯᠡᠬᠦ ᠴᠠᠭ ᠢ ᠪᠣᠭᠤᠨᠢᠰᠬᠠᠵᠤ᠂ ︽ᠵᠢᠵᠢᠭ ᠠᠵᠤ ᠠᠬᠤᠶᠢᠯᠠᠯ ᠢ | ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠶᠠᠪᠤᠭᠤᠯᠵᠤ᠂ ︽ᠣᠯᠠᠨ ᠦᠨᠡᠮᠯᠡᠯ ᠢ ᠨᠢᠭᠡᠳᠬᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ ᠦᠢᠯᠡᠳᠭᠦᠨ ᠤ ᠦᠢᠯᠡᠳᠪᠦᠷᠢᠯᠡᠯ ᠤᠨ | ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠵᠢᠵᠢᠭ ᠠᠵᠤ ᠠᠬᠤᠶᠢᠯᠠᠯ ᠢ ᠬᠦᠴᠦᠨ ᠥᠬᠡᠶ | ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠶᠠᠷ ᠢ | ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ | ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠ ᠴᠢᠯᠥᠭᠡᠲᠦ | ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠎ᠠ᠃ ᠦᠢᠯᠡᠴᠢᠯᠡᠭᠡᠨ ᠤ ᠲᠠᠯ᠎ᠠ ᠪᠠᠷ᠂ ᠪᠠᠷᠢᠮᠵᠢᠶ᠎ᠠ ᠶᠢᠨ ᠬᠥᠲᠥᠯᠥᠨ | ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ ᠪᠠᠳᠠᠷᠠᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢ ᠴᠢᠩᠭᠠᠷᠠᠭᠤᠯᠤᠨ᠂ | ᠭᠡᠷᠡᠴᠢᠯᠡᠵᠦ ᠵᠥᠪᠰᠢᠶᠡᠷᠡᠬᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠲᠠᠪᠤ︶ ᠨᠡᠶᠢᠭᠡᠮ ᠤᠨ ᠦᠢᠯᠡᠴᠢᠯᠡᠭᠡᠨ ᠤ ᠳᠣᠭᠤᠶᠢᠯᠠᠩ ᠢ ᠰᠠᠶᠢᠵᠢᠷᠠᠭᠤᠯᠤᠨ᠎ᠠ | ᠳᠤᠭᠤᠶᠢᠯᠠᠩ ᠤᠨ ᠳᠠᠷᠤᠭ᠎ᠠ᠄ ᠳ᠋ᠦᠩ ᠱᠣ᠋ ᠰᠢᠶᠦ᠋ᠩ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠲᠢᠶᠠᠨ ᠰᠢ ᠭᠠᠩ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶᠠᠨ ᠤ ᠳᠡᠳ᠋ ᠳᠠᠷᠤᠭ᠎ᠠ | ᠵᠠᠩ ᠹᠸᠢ ᠰᠢᠶᠦ᠋ᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠳᠠᠷᠤᠭ᠎ᠠ | ᠯᠢᠶᠠᠩ ᠱᠧᠤ ᠷᠧᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠽᠧᠤ ᠯᠧᠢ ᠱᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠡᠷᠬᠢᠯᠡᠬᠦ ᠭᠡᠰᠢᠭᠦᠴᠢ | ᠵᠠᠩ ᠸᠧᠶ ᠬᠠᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠴᠢᠦᠶ ᠨᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠵᠠᠩ ᠵᠢᠶᠠᠨ ᠴᠦᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ | ᠸᠠᠩ ᠸᠧᠨ ᠭᠦᠸᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠳᠡᠳ᠋ ᠳᠠᠷᠤᠭ᠎ᠠ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ | ᠪᠠᠲᠤᠯᠠᠭ᠎ᠠ ᠵᠢᠴᠢ ᠨᠡᠶᠢᠭᠡᠮ ᠤᠨ ᠬᠠᠮᠢᠶᠠᠷᠤᠯᠲᠠ ᠵᠡᠷᠭᠡ ᠬᠦᠷᠢᠶᠡᠨ ᠳᠠᠬᠢ ︽ᠪᠣᠬᠢᠷᠲᠤᠯ ᠥᠬᠡᠶ︾ ᠥᠭᠡᠷᠡᠴᠢᠯᠡᠯᠲᠡ ᠶᠢ | ᠵᠣᠬᠢᠴᠠᠭᠤᠯᠤᠨ ᠠᠬᠢᠭᠤᠯᠬᠤ ᠶᠢ ᠲᠦᠷᠦᠭᠦᠯᠡᠨ ᠬᠠᠷᠢᠭᠤᠴᠠᠵᠤ᠂ ᠠᠷᠠᠳ ᠣᠯᠠᠨ ᠳᠤ ᠳᠥᠭᠦᠮ ᠳᠥᠲᠡ ᠥᠨᠳᠥᠷ | ᠪᠦᠲᠦᠮᠵᠢᠲᠡᠶ᠂ ᠡᠷᠬᠡ ᠲᠡᠭᠰᠢ ᠬᠦᠷᠬᠦ᠋ᠢᠴᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃ ᠡᠷᠬᠡ ᠶᠢ ᠳᠣᠷᠣᠭᠰᠢ | ᠪᠠᠭᠤᠯᠭᠠᠬᠤ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠠᠭᠤᠵᠢᠭᠤ ᠪᠣᠯᠭᠠᠬᠤ ᠶᠢ ᠵᠣᠬᠢᠴᠠᠩᠭᠤᠶ ᠪᠠᠷ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠢ ᠳᠠᠶᠢᠴᠢᠯᠠᠨ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠤᠰᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠴᠣᠩᠬᠤᠪᠴᠢ ᠦᠢᠯᠡᠴᠢᠯᠡᠭᠡ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠦᠢᠯᠡᠴᠢᠯᠡᠭᠡᠨ ᠤ ᠲᠠᠯ᠎ᠠ ᠪᠠᠷ᠂ ᠠᠷᠠᠳ ᠤᠨ ᠠᠮᠢᠳᠤᠷᠠᠯ ᠤᠨ ᠵᠦᠢᠯᠡᠰ ᠢ ᠭᠦᠢᠴᠡᠳᠭᠡᠬᠦ ᠶᠠᠪᠤᠴᠠ | ᠪᠠ ᠭᠠᠷ ᠭᠦᠢᠴᠡᠳᠭᠡᠯ ᠢ ᠳᠥᠭᠦᠮᠴᠢᠯᠡᠨ ᠰᠢᠯᠢᠳᠡᠭᠵᠢᠭᠦᠯᠵᠦ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ ᠵᠡᠷᠭᠡ ᠵᠦᠢᠯᠡᠰ ᠢ ᠣᠨᠳᠣᠤ ᠭᠠᠵᠠᠷ ᠲᠤ ᠰᠦᠯᠵᠢᠶᠡᠵᠢᠭᠦᠯᠦᠨ ᠭᠦᠢᠴᠡᠳᠭᠡᠬᠦ ᠶᠢ ᠲᠦᠯᠬᠢᠨ ᠠᠬᠢᠭᠤᠯᠤᠨ᠎ᠠ | ᠃ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠂ ︽ᠢᠨᠲ᠋ᠧᠷ ᠰᠦᠯᠵᠢᠶ᠎ᠡ + ᠡᠮᠴᠢᠯᠡᠭᠡ︾ ᠵᠡᠷᠭᠡ ᠵᠠᠭᠪᠤᠷ ᠢ | ᠭᠦᠢᠴᠡᠳ ᠬᠡᠷᠡᠭᠯᠡᠵᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠨᠥᠯᠥᠭᠡᠯᠡᠬᠦ | ᠦᠢᠯᠡᠳᠦᠯ ᠢ ᠴᠢᠩᠭᠠᠷᠠᠭᠤᠯᠤᠨ᠎ᠠ᠃ | ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠳᠤᠭᠤᠶᠢᠯᠠᠩ ᠤᠨ ᠳᠠᠷᠤᠭ᠎ᠠ ᠤᠨ | ᠨᠢᠭᠡᠴᠢ ᠡᠭᠦᠷᠭᠡᠯᠡᠨ᠎ᠡ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠨᠢ ᠲᠣᠰ ᠬᠦᠷᠢᠶ᠎ᠡ ᠴᠠᠷᠠᠭ᠎ᠠ ᠳᠠᠬᠢ ᠨᠡᠶᠢᠭᠡᠮ ᠤᠨ | ᠲᠤᠰᠬᠠᠯ ᠶᠡᠭᠡ᠂ ᠣᠯᠠᠨ ᠲᠦᠮᠡᠨ ᠤ ᠰᠠᠨᠠᠯ ᠲᠥᠪᠯᠡᠷᠡᠭᠰᠡᠨ ᠠᠰᠠᠭᠤᠳᠠᠯ ᠢ ᠪᠠᠶᠢᠴᠠᠭᠠᠨ ᠰᠤᠳᠤᠯᠬᠤ ᠶᠢ ᠬᠠᠷᠢᠭᠤᠴᠠᠵᠤ | ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠠᠯ᠎ᠠ ᠪᠠᠷ | ᠬᠠᠮᠲᠤᠷᠠᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠡᠯ᠎ᠡ ᠲᠤᠰᠬᠠᠶ ᠰᠡᠳᠦᠪᠲᠦ | ᠳᠤᠭᠤᠶᠢᠯᠠᠩ ᠤᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠪᠣᠯ ᠤᠳᠤᠷᠢᠳᠤᠯᠭ᠎ᠠ ᠠᠴᠠ ᠵᠢᠭᠠᠪᠤᠷᠢ ᠠᠪᠴᠤ ᠬᠤᠪᠢᠳᠠᠨ | ᠬᠠᠮᠢᠶᠠᠷᠤᠭᠰᠠᠨ ᠤ ᠳᠠᠷᠠᠭ᠎ᠠ᠂ ᠳᠡᠰ ᠳᠠᠷᠠᠭᠠᠯᠠᠯ ᠶᠣᠰᠣᠭᠠᠷ ᠵᠣᠬᠢᠴᠠᠭᠤᠯᠬᠤ ᠬᠤᠷᠠᠯ ᠳᠤ ᠳᠡᠪᠰᠢᠭᠦᠯᠵᠦ ᠬᠢᠨᠠᠨ | ᠶᠠᠷᠢᠯᠴᠠᠭᠤᠯᠵᠤ ᠪᠣᠯᠤᠨ᠎ᠠ᠃ | ᠭᠤᠷᠪᠠ᠂ ᠵᠣᠬᠢᠴᠠᠭᠤᠯᠬᠤ ᠳᠤᠭᠤᠶᠢᠯᠠᠩ ᠤᠨ ᠡᠯ᠎ᠡ ᠪᠠᠲᠤᠯᠠᠭ᠎ᠠ ᠶᠢᠨ ᠳᠤᠭᠤᠶᠢᠯᠠᠩ ᠵᠢᠴᠢ ᠭᠤᠤᠯ ᠡᠭᠦᠷᠭᠡ | ᠬᠠᠷᠢᠭᠤᠴᠠᠯᠭ᠎ᠠ | ︵ᠨᠢᠭᠡ︶ ᠶᠡᠷᠦᠩᠬᠡᠶᠢᠯᠡᠭᠰᠡᠨ ᠳᠤᠭᠤᠶᠢᠯᠠᠩ | ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠳ᠋ᠦᠩ ᠱᠣ᠋ ᠰᠢᠶᠦ᠋ᠩ | ᠳᠤᠭᠤᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠵᠣᠬᠢᠴᠠᠭᠤᠯᠬᠤ ᠳᠤᠭᠤᠶᠢᠯᠠᠩ ᠵᠢᠴᠢ ᠲᠡᠭᠦᠨ ᠤ ᠠᠯᠪᠠᠨ | ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠨ᠎ᠠ︔ ᠡᠯ᠎ᠡ ᠲᠤᠰᠬᠠᠶ | ᠰᠡᠳᠦᠪᠲᠦ ᠳᠤᠭᠤᠶᠢᠯᠠᠩ᠂ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠢ ᠣᠯᠣᠯᠴᠠᠨ ᠵᠣᠬᠢᠴᠠᠭᠤᠯᠬᠤ ᠶᠢ | ᠬᠠᠷᠢᠭᠤᠴᠠᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ | ᠦᠢᠯᠡᠴᠢᠯᠡᠭᠡ︾ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠵᠣᠬᠢᠴᠠᠭᠤᠯᠬᠤ ᠳᠤᠭᠤᠶᠢᠯᠠᠩ ᠳᠤ ᠠᠵᠢᠯ ᠤᠨ ᠰᠠᠨᠠᠭᠤᠯᠭ᠎ᠠ ᠳᠤᠷᠠᠳᠤᠨ᠎ᠠ︔ ᠬᠠᠮᠢᠶ᠎ᠠ | ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠨ᠎ᠠ᠃ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠷᠢᠯᠴᠠᠵᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ︵ᠬᠤᠶᠠᠷ︶ ᠬᠠᠤᠯᠢ ᠪᠠᠷ ᠵᠠᠰᠠᠬᠤ ᠳᠤᠭᠤᠶᠢᠯᠠᠩ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠸᠧᠶ ᠮᠢᠩ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ ᠬᠢᠬᠦ ᠶᠢ ᠬᠠᠷᠢᠭᠤᠴᠠᠵᠤ | ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠲᠥᠰᠦᠯ ᠢ ᠴᠠᠭ ᠲᠤᠬᠠᠶ ᠳᠤᠨᠢ ᠳᠤᠷᠠᠳᠤᠨ | ᠭᠠᠷᠭᠠᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ︽ᠲᠣᠭᠲᠠᠭᠠᠬᠤ᠂ ᠵᠠᠰᠠᠬᠤ᠂ ᠬᠦᠴᠦᠨ | ᠦᠭᠡᠢ ᠪᠣᠯᠭᠠᠬᠤ᠂ ᠲᠠᠶᠢᠯᠪᠤᠷᠢᠯᠠᠬᠤ︾ ᠠᠵᠢᠯ ᠢ ᠲᠦᠯᠬᠢᠨ ᠠᠬᠢᠭᠤᠯᠵᠤ᠂ ᠪᠣᠯᠪᠠᠰᠤᠷᠠᠩᠭᠤᠶ ᠪᠣᠯᠤᠭᠰᠠᠨ | ᠥᠭᠡᠷᠡᠴᠢᠯᠡᠯᠲᠡ ᠶᠢᠨ ᠲᠤᠷᠰᠢᠯᠭ᠎ᠠ ᠶᠢ ᠴᠠᠭ ᠲᠤᠬᠠᠶ ᠳᠤᠨᠢ ᠳᠦᠷᠢᠮᠵᠢᠭᠦᠯᠦᠨ᠎ᠡ᠃ | ︵ᠭᠤᠷᠪᠠ︶ ᠰᠢᠪᠠᠳᠠᠨ ᠪᠠᠶᠢᠴᠠᠭᠠᠬᠤ ᠳᠣᠭᠤᠶᠢᠯᠠᠩ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠵᠠᠩ ᠰᠢ ᠴᠢᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠭᠡ︾ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ | ᠡᠯ᠎ᠡ ᠲᠤᠰᠬᠠᠶ ᠰᠡᠳᠦᠪᠲᠦ ᠳᠤᠭᠤᠶᠢᠯᠠᠩ ᠤᠨ ᠳᠤᠷᠠᠳᠤᠭᠰᠠᠨ ᠰᠠᠯᠠᠭ᠎ᠠ ᠮᠥᠴᠢᠷ ᠪᠣᠯᠤᠨ ᠭᠠᠵᠠᠷ ᠣᠷᠣᠨ ᠤ | ᠥᠭᠡᠷᠡᠴᠢᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠯᠪᠣᠭᠳᠠᠯ ᠪᠦᠬᠦᠢ ᠥᠭᠡᠷᠡᠴᠢᠯᠡᠯᠲᠡ ᠳᠤ | ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠬᠢᠨᠠᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠬᠡᠷᠡᠭᠲᠡᠶ | ᠃ | ︵ᠳᠥᠷᠪᠡᠨ︶ ᠲᠤᠰᠬᠠᠶ ᠮᠡᠷᠭᠡᠵᠢᠯᠲᠡᠨ ᠤ ᠳᠤᠭᠤᠶᠢᠯᠠᠩ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠷᠧᠨ ᠸᠧᠨ ᠴᠢᠶᠠᠩ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠵᠣᠬᠢᠴᠠᠭᠤᠯᠬᠤ ᠳᠤᠭᠤᠶᠢᠯᠠᠩ ᠤᠨ ᠨᠠᠶᠢᠳᠠᠯᠭ᠎ᠠ ᠪᠠᠷ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠭᠡ︾ | ᠥᠭᠡᠷᠡᠴᠢᠯᠡᠯᠲᠡ ᠶᠢᠨ ᠲᠣᠭᠤᠷᠢᠨ ᠳᠤ ᠣᠨᠣᠯ ᠤᠨ ᠰᠤᠳᠤᠯᠤᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ | ᠯᠠᠷᠪᠠᠶᠢᠯᠭᠠ ᠬᠠᠩᠭᠠᠵᠤ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠲᠤ ᠭᠤᠷᠪᠠᠳᠠᠬᠢ ᠡᠲᠡᠭᠡᠳ ᠤᠨ | ᠦᠨᠡᠯᠡᠨ ᠵᠢᠱᠢᠯᠲᠡ ᠬᠢᠵᠦ᠂ ᠪᠤᠰᠤᠳᠴᠢ ᠪᠥᠭᠡᠳ ᠭᠤᠤᠯᠴᠢ ᠪᠠᠷ ᠰᠠᠨᠠᠯ ᠰᠠᠨᠠᠭᠤᠯᠭ᠎ᠠ ᠳᠤᠷᠠᠳᠤᠨ᠎ᠠ᠃ | ᠳᠥᠷᠪᠡᠨ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠴᠠᠭᠤᠯᠬᠤ ᠳᠤᠭᠤᠶᠢᠯᠠᠩ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ | ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠭᠡ︾ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠶᠢᠨ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ | ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠲᠤᠰᠬᠠᠶ ᠰᠡᠳᠦᠪᠲᠦ ᠳᠤᠭᠤᠶᠢᠯᠠᠩ ᠪᠠ ᠪᠠᠲᠤᠯᠠᠭ᠎ᠠ ᠶᠢᠨ | ᠳᠤᠭᠤᠶᠢᠯᠠᠩ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠠᠷᠠᠯᠲᠠ ᠶᠢᠨ | ᠡᠭᠦᠷᠭᠡ ᠪᠠᠨ ᠲᠣᠳᠣᠷᠬᠠᠶᠢᠯᠠᠵᠤ᠂ ᠴᠠᠭ ᠤᠨ ᠬᠦᠰᠦᠨᠦᠭᠲᠦ ᠲᠣᠭᠲᠠᠭᠠᠨ᠂ ᠲᠤᠰ ᠬᠦᠷᠢᠶ᠎ᠡ ᠴᠠᠷᠠᠭ᠎ᠠ ᠳᠠᠬᠢ | ᠥᠭᠡᠷᠡᠴᠢᠯᠡᠯᠲᠡ ᠶᠢᠨ ᠨᠢᠭᠡᠳᠦᠯᠲᠡᠶ ᠲᠥᠯᠥᠪᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ | ᠵᠦᠢᠯ ᠤᠨ ᠥᠭᠡᠷᠡᠴᠢᠯᠡᠯᠲᠡ ᠶᠢ ᠬᠠᠮᠵᠢᠯᠴᠠᠨ ᠲᠥᠬᠦᠷᠵᠢᠭᠦᠯᠬᠦ᠂ ᠪᠦᠬᠦᠯᠢ ᠴᠣᠭᠴᠠ ᠪᠠᠷ ᠠᠬᠢᠭᠤᠯᠬᠤ ᠶᠢ ᠦᠨᠡᠨᠬᠦ | ᠪᠠᠲᠤᠯᠠᠨ᠎ᠠ᠃ | ︵ᠬᠤᠶᠠᠷ︶ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ | ᠠᠷᠭ᠎ᠠ ᠤᠬᠠᠭᠠᠨ ᠰᠦᠪᠡᠭᠴᠢᠯᠡᠵᠦ᠂ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠥᠭᠡᠷᠡᠴᠢᠯᠡᠯᠲᠡ ᠶᠢᠨ | ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ᠂ ᠲᠤᠰ ᠰᠠᠯᠠᠭ᠎ᠠ ᠮᠥᠴᠢᠷ ᠤᠨ ᠢᠶᠠᠨ ᠥᠭᠡᠷᠡᠴᠢᠯᠡᠯᠲᠡ ᠶᠢᠨ | ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠪᠣᠳᠠᠳᠠᠢ ᠦᠷ᠎ᠡ | ᠪᠦᠲᠦᠮᠵᠢ ᠶᠢ ᠡᠷᠬᠢᠮᠯᠡᠵᠦ᠂ ᠬᠢᠨᠠᠨ ᠬᠠᠮᠢᠶᠠᠷᠬᠤ ᠲᠠᠯ᠎ᠠ ᠪᠠᠷ ᠰᠢᠨ᠎ᠡ ᠶᠢ ᠡᠭᠦᠳᠬᠦ ᠶᠢ ᠡᠷᠬᠢᠮᠯᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠥᠷᠭᠡᠨ ᠣᠯᠠᠨ ᠲᠦᠮᠡᠨ ᠪᠣᠯᠤᠨ ᠠᠵᠤ | ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ᠃ ᠡᠯ᠎ᠡ | ᠭᠠᠵᠠᠷ ᠣᠷᠣᠨ ᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠪᠠᠶᠢᠭᠠᠳ ᠬᠦᠴᠢᠷᠳᠡᠯ ᠪᠠ ᠠᠰᠠᠭᠤᠳᠠᠯ ᠢ ᠨᠢ | ᠰᠢᠢᠳᠪᠦᠷᠢᠯᠡᠵᠦ ᠥᠭᠬᠦ ᠬᠡᠷᠡᠭᠲᠡᠶ᠃ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠤᠳᠤᠷᠢᠳᠬᠤ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠠᠶᠢᠷᠢᠯᠠᠭᠤᠯᠬᠤ᠂ ᠵᠣᠬᠢᠴᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ | ᠪᠡᠶ᠎ᠡ ᠪᠠᠷ ᠢᠶᠠᠨ ᠰᠠᠶᠢᠲᠤᠷ ᠠᠳᠬᠤᠬᠤ ᠬᠡᠷᠡᠭᠲᠡᠶ᠃ | ︵ᠭᠤᠷᠪᠠ︶ ᠡᠯ᠎ᠡ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠩ ᠣᠯᠠᠨ ᠬᠡᠷᠡᠭᠴᠡᠭᠡ ᠲᠠᠢ | ᠪᠥᠭᠡᠳ ᠬᠡᠷᠡᠭᠵᠢᠭᠦᠯᠦᠭᠦᠰᠢᠲᠡᠶ ᠰᠠᠶᠢᠨ ᠲᠤᠷᠰᠢᠯᠭ᠎ᠠ᠂ ᠰᠠᠶᠢᠨ ᠬᠢᠳᠡᠯ ᠢ ᠡᠭᠦᠳᠬᠦ ᠬᠡᠷᠡᠭᠲᠡᠶ᠃ ᠲᠡᠷᠢᠭᠦᠨ ᠤ ᠬᠢ ᠲᠠᠢ | ᠰᠠᠨᠠᠭᠠᠴᠢᠯᠠᠭ᠎ᠠ ᠠᠴᠠ ᠪᠠᠨ ᠬᠠᠷᠢᠴᠠᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠯᠠᠪᠯᠠᠯᠲᠠ ᠪᠣᠯᠭᠠᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠢᠯᠡᠭᠦᠤ ᠬᠥᠭᠵᠢᠭᠡᠵᠦ᠂ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠪᠦᠬᠦ ᠲᠣᠭᠤᠷᠢᠭ ᠤᠨ ᠠᠵᠤ | ᠠᠬᠤᠶ ᠨᠡᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠳᠥᠷᠪᠡᠨ᠂ ᠪᠤᠰᠤᠳ ᠵᠦᠢᠯ | ︵ᠨᠢᠭᠡ︶ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ | ᠭᠡᠷ ᠲᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠡᠷᠬᠢᠯᠡᠭᠴᠢ ᠵᠧᠩ ᠢᠦᠶ ᠬᠠᠪᠰᠤᠷᠭᠠᠨ ᠬᠠᠷᠢᠭᠤᠴᠠᠨ᠎ᠠ᠃ | ︵ᠬᠤᠶᠠᠷ︶ ᠬᠤᠶᠢᠰᠢᠳᠠ᠂ ᠲᠣᠭᠤᠷᠢᠭ ᠤᠨ ᠤᠳᠤᠷᠢᠳᠤᠯᠭ᠎ᠠ ᠶᠢ ᠭᠠᠷᠭᠠᠪᠠᠯ᠂ ᠪᠤᠰᠤᠳ ᠪᠦᠷᠢᠯᠳᠦᠬᠦᠨ ᠬᠡᠷᠪᠡ | ᠬᠤᠪᠢᠷᠠᠯᠲᠠ ᠲᠠᠢ ᠪᠣᠯ ᠠᠯᠪᠠᠨ ᠭᠡᠷ ᠠᠴᠠ ᠲᠣᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ | ︵ᠭᠤᠷᠪᠠ︶ ᠵᠣᠬᠢᠴᠠᠭᠤᠯᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠤᠤᠯ ᠤᠨ ᠰᠢᠭᠤᠶᠢᠲᠣ | ᠲᠣᠭᠤᠷᠢᠭ ᠤᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠵᠣᠬᠢᠴᠠᠭᠤᠯᠬᠤ ᠳᠤᠭᠤᠶᠢᠯᠠᠩ | ᠥᠪᠡᠷᠲᠡᠭᠡᠨ ᠬᠦᠴᠦᠨ ᠦᠭᠡᠢ ᠪᠣᠯᠭᠠᠨ᠎ᠠ᠃ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ | 2019 ᠤᠨ 7 ᠰᠠᠷ᠎ᠠ ᠶᠢᠨ 17 ᠤ ᠡᠳᠦᠷ |