ᠰᠢᠭᠤᠶᠢᠲᠣ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠴᠠᠭᠠᠨ ᠰᠣᠳᠣᠯᠠᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019-09-05
     ᠣᠶᠢᠷ᠎ᠠ ᠳᠤ᠂ ᠰᠢᠭᠤᠶᠢᠲᠤ ᠲᠣᠭᠤᠷᠢᠭ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠴᠠᠭᠠᠨ ᠰᠣᠳᠣᠯᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠯᠢ ᠰᠢᠤ ᠹᠠᠩ ᠬᠤᠷᠠᠯ ᠳᠤ ᠣᠷᠣᠯᠴᠠᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠶᠢᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠰᠢᠤ ᠹᠠᠩ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯᠲᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠷᠢᠶᠠᠩᠭᠤᠶ ᠬᠦᠰᠦᠨᠦᠭᠲᠦ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠯ᠎ᠡ ᠬᠤᠶᠠᠳᠤᠭᠠᠷ ᠲᠡᠰ ᠤᠨ ᠨᠢᠭᠡᠴᠢ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃
ᠬᠤᠷᠠᠯ ᠠᠴᠠ ᠱᠠᠭᠠᠷᠳᠠᠭᠰᠠᠨ ᠨᠢ      ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ᠳᠦᠷᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠷᠤᠮᠯᠠᠬᠤ ᠬᠠᠤᠯᠢ ᠲᠠᠢ ᠪᠠᠶᠢᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠡᠮ ᠡᠮᠨᠡᠯᠭᠡ ᠶᠢᠨ ᠠᠮᠤᠷ ᠲᠦᠪᠰᠢᠨ᠂ ᠠᠵᠢᠯᠲᠠᠨ ᠤ ᠠᠮᠤᠷ ᠲᠦᠪᠰᠢᠨ᠂ ᠲᠥᠬᠦᠭᠡᠷᠦᠮᠵᠢ ᠶᠢᠨ ᠠᠮᠤᠷ ᠲᠦᠪᠰᠢᠨ ᠢ ᠪᠡᠶᠡᠯᠡᠭᠦᠯᠬᠦ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠤᠨ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ ᠡᠪᠡᠳᠴᠢᠲᠡᠨ ᠤ ᠣᠯᠠᠨ ᠲᠦᠮᠡᠨ ᠢ ᠬᠠᠨᠤᠮᠵᠢᠲᠠᠶ ᠪᠠᠶᠢᠯᠭᠠᠵᠤ᠂ ᠮᠠᠨ ᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号