ᠶᠡᠷᠦᠩᠬᠡᠶ ᠱᠦᠵᠢ ᠰᠢ ᠶᠢᠨ ᠫᠢᠩ ᠤᠨ ᠦᠨᠳᠡᠷ ᠴᠢᠨᠰᠠᠭ᠎ᠠ ᠲᠠᠢ ᠰᠢᠯᠵᠢᠯᠲᠡ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠠᠭᠠᠭᠠᠯᠭ᠎ᠠ ᠶᠢ ᠪᠠᠲᠤ ᠴᠡᠭᠡᠵᠢᠯᠡᠵᠦ — — ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠢ ᠰᠣᠷᠪᠣᠯᠵᠢᠯᠠᠭᠰᠠᠨ
ᠨᠡᠶᠢᠲᠡᠯᠡᠭᠰᠡᠨ ᠴᠠᠭ᠄
2019-09-09
     ︽ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠪᠦᠬᠦ ᠲᠠᠯ᠎ᠠ ᠳᠤ ᠰᠠᠭᠤᠷᠢᠯᠠᠵᠤ᠂ ᠠᠯᠤᠰ ᠬᠡᠲᠦ ᠶᠢ ᠪᠣᠳᠣᠯᠬᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠪᠤᠭᠤᠲᠤ ᠶᠢᠨ ᠬᠥᠭᠵᠢᠯᠲᠡ ᠶᠢᠨ ᠰᠡᠳᠬᠢᠴᠡ ᠶᠢ ᠲᠣᠳᠣᠷᠬᠠᠶ ᠪᠣᠯᠭᠠᠵᠤ᠂ ᠪᠤᠭᠤᠲᠤ ᠶᠢᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠤᠭᠤᠲᠤ ᠶᠢᠨ ᠬᠥᠭᠵᠢᠯᠲᠡ ᠶᠢ ᠠᠬᠢᠭᠤᠯᠬᠤ ᠡᠷᠴᠢ ᠵᠣᠷᠢᠭ ᠢ ᠴᠢᠩᠭᠠᠳᠬᠠᠵᠤ᠂ ᠪᠦᠬᠦ ᠬᠤᠲᠠ ᠶᠢᠨ ᠡᠯ᠎ᠡ ᠵᠦᠢᠯ ᠤᠨ ᠠᠵᠢᠯ ᠳᠤ ︿ᠳᠡᠰ ᠳᠡᠪᠰᠢᠭᠦᠯᠵᠦ᠂ ᠲᠡᠷᠢᠭᠦᠨ ᠤ ᠬᠢ ᠶᠢ ᠴᠢᠷᠮᠠᠶᠢᠨ ᠡᠭᠦᠳᠬᠦ﹀᠎ ᠳᠤ ᠵᠢᠷᠤᠮᠯᠠᠯ ᠬᠠᠩᠭᠠᠵᠤ᠂ ᠴᠢᠭᠯᠡᠯ ᠢ ᠵᠢᠭᠠᠵᠤ ᠥᠭᠴᠡᠶ ᠃︾ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠳᠠᠷᠠᠭ᠎ᠠ᠂ ᠰᠤᠷᠪᠤᠯᠵᠢᠯᠠᠭᠴᠢ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠥᠩ ᠢ ᠰᠤᠷᠪᠤᠯᠵᠢᠯᠠᠪᠠ᠂ ᠴᠧᠨ ᠵᠢᠶᠠᠨ ᠵᠥᠩ ᠢᠯᠡᠷᠬᠡᠶᠢᠯᠡᠬᠦ ᠳᠡᠭᠡᠨ᠂ ᠰᠢᠭᠤᠶᠢᠲᠣ ᠲᠣᠭᠤᠷᠢᠭ ᠲᠦᠷᠭᠡᠨ ᠬᠥᠳᠡᠯᠦᠯᠴᠡᠵᠦ᠂ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠪᠥᠬᠦ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ᠰᠠᠨᠠᠯ ᠳᠡᠪᠰᠢᠭᠦᠯᠦᠨ᠎ᠡ ᠭᠡᠵᠡᠶ᠃      ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ ᠬᠡᠷᠡᠭᠲᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠤᠨ ᠲᠣᠭᠲᠠᠭᠠᠬᠤ ᠬᠡᠷᠡᠭᠲᠡᠶ᠃      ᠰᠢᠭᠤᠶᠢᠲᠤ ᠲᠣᠭᠤᠷᠢᠭ ᠳᠤ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠷᠠᠯ ᠵᠡᠷᠭᠡ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠲᠤᠰᠬᠠᠶ ᠰᠡᠳᠦᠪ ᠢᠶᠠᠷ ᠰᠤᠷᠤᠯᠴᠠᠵᠤ᠂ ᠱᠠᠲᠤ ᠱᠠᠲᠤ ᠪᠠᠷ ᠤᠯᠠᠮᠵᠢᠯᠠᠵᠤ᠂ ᠰᠢᠩᠭᠡᠭᠡᠨ ᠠᠪᠬᠤ ᠪᠣᠯᠤᠨ᠎ᠠ᠃ ᠤᠳᠠᠯ ᠦᠭᠡᠢ ᠥᠷᠨᠢᠭᠦᠯᠬᠦ ᠪᠠᠷ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯᠤᠨ ᠰᠢᠶᠠᠨ ᠤ ᠱᠠᠲᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠠᠵᠤ ᠠᠬᠤᠶᠢᠯᠠᠯ᠂ ᠺᠠᠳ᠋ᠷ ᠲᠣᠰᠬᠤᠨ ᠳᠤ ᠰᠠᠭᠤᠵᠤ ᠴᠡᠭ ᠲᠤ ᠰᠠᠭᠤᠬᠤ ᠵᠡᠷᠭᠡ ᠠᠵᠢᠯ ᠲᠠᠢ ᠤᠶᠠᠯᠳᠤᠭᠤᠯᠵᠤ᠂ ᠠᠵᠤ ᠠᠬᠤᠶᠢᠯᠠᠯ᠂ ᠭᠠᠴᠠᠭ᠎ᠠ ᠲᠣᠰᠬᠤᠨ ᠪᠣᠯᠤᠨ ᠣᠯᠠᠨ ᠲᠦᠮᠡᠨ ᠤ ᠳᠤᠮᠳᠠ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠰᠤᠷᠤᠯᠴᠠᠬᠤ᠂ ᠨᠡᠶᠢᠭᠡᠮ ᠤᠨ ᠤᠬᠠᠭᠤᠯᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠥᠷᠭᠡᠨ ᠢᠶᠠᠷ ᠰᠤᠷᠤᠯᠴᠠᠨ ᠤᠬᠠᠭᠤᠯᠪᠠ᠃ ᠰᠢᠭᠤᠶᠢᠲᠤ ᠲᠣᠭᠤᠷᠢᠭ ᠨᠢ ︽ᠬᠡᠷᠡᠭᠵᠢᠭᠦᠯᠬᠦ ᠰᠠᠨᠠᠯ︾ ᠪᠠ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ︽ᠰᠢᠭᠤᠶᠢᠲᠤ ᠲᠣᠭᠤᠷᠢᠭ︾᠎ ᠤᠨ ᠬᠥᠭᠵᠢᠯᠲᠡ ᠶᠢ ᠳᠡᠮᠵᠢᠬᠦ ᠲᠣᠮᠣ ᠳ᠋ᠠᠶᠢᠲ᠋ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠴᠢᠭᠯᠡᠭᠦᠯᠦᠨ᠂ ᠬᠤᠸᠠ ᠸᠧᠶ ᠵᠡᠷᠭᠡ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠠᠷᠠᠯᠵᠢᠶᠠᠨ ᠤ ᠲᠥᠪ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠭᠡᠷᠡᠯ ᠸᠣᠯᠲ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠰᠢᠭᠤᠶᠢᠲᠤ ᠲᠣᠭᠤᠷᠢᠭ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠠᠴᠠ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠭᠠᠵᠠᠷ ᠣᠷᠣᠨ ᠤ ᠵᠢᠱᠢᠶ᠎ᠡ ᠦᠵᠡᠭᠦᠯᠬᠦ ᠣᠷᠣᠨ ᠵᠢᠴᠢ ᠰᠢᠭᠤᠶᠢᠲᠤ ᠲᠣᠭᠤᠷᠢᠭ ᠳᠤ ᠬᠤᠯᠪᠣᠭᠳᠠᠬᠤ ᠪᠤᠰᠤᠳ ᠠᠵᠢᠯ ᠤᠨ ᠡᠭᠦᠷᠭᠡ ᠶᠢ ᠴᠢᠷᠮᠠᠶᠢᠨ ᠡᠭᠦᠳᠬᠦ ᠬᠡᠷᠡᠭᠲᠡᠶ᠃ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠡᠷᠡᠭᠦᠯ ᠮᠡᠨᠳᠦ ᠰᠤᠪᠢᠯᠠᠯᠲᠠ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠱᠠᠯᠠᠪᠳᠠᠨ ᠨᠠᠷᠢᠯᠢᠭᠵᠢᠭᠤᠯᠵᠤ᠂ ᠰᠢᠭᠤᠶᠢᠲᠤ ᠲᠣᠭᠤᠷᠢᠭ ᠤᠨ ᠰᠠᠨᠠᠯ ᠢ ᠲᠦᠷᠭᠡᠬᠡᠨ ᠲᠣᠭᠲᠠᠭᠠᠨ ᠨᠡᠶᠢᠲᠡᠯᠡᠨ᠎ᠡ᠃      ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ      ᠰᠢᠭᠤᠶᠢᠲᠤ ᠲᠣᠭᠤᠷᠢᠭ ᠲᠣᠰ ᠤᠳᠠᠭ᠎ᠠ ᠶᠢᠨ ᠪᠥᠬᠦᠳᠡ ᠬᠤᠷᠠᠯ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠣᠳᠣᠬᠠᠨ ᠤ ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠎ᠠ ᠤᠯᠤᠰ ᠲᠥᠷᠦ ᠶᠢᠨ ᠬᠠᠷᠢᠭᠤᠴᠠᠯᠭ᠎ᠠ ᠪᠣᠯᠭᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ ᠶᠢ ᠪᠠᠷᠢᠮᠲᠠᠯᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠦᠨᠡᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠡᠭᠦᠨ ᠳᠤ ᠬᠠᠮᠲᠤ ᠲᠣᠱᠯᠠᠭᠤᠯᠣᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠰᠬᠠᠶ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠰᠢᠭᠤᠶᠢᠲᠣ ᠲᠣᠭᠤᠷᠢᠭ ᠲᠤ ᠬᠦᠷᠴᠦ᠂ ᠪᠦᠬᠦ ᠬᠤᠲᠠ ᠶᠢᠨ ᠠᠵᠤ ᠠᠬᠤᠶ ᠨᠡᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃ ᠰᠢᠭᠤᠶᠢᠲᠤ ᠲᠣᠭᠤᠷᠢᠭ ᠤᠨ ᠬᠢᠨ ᠠᠵᠤ ᠠᠬᠤᠢ ᠶᠢᠨ ᠨᠡᠮᠡᠭᠳᠡᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠦᠯᠡᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠡᠷᠡᠰ ᠪᠠᠭᠠᠰᠬᠠᠵᠤ᠂ ᠲᠥᠷᠥᠯ ᠵᠦᠢᠯ ᠤᠨ ᠠᠵᠤ ᠦᠢᠯᠡᠰ᠂ ᠣᠷᠴᠢᠨ ᠠᠬᠤᠢ ᠶᠢᠨ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ᠂ ᠶᠠᠰᠤ ᠴᠢᠨᠠᠷ᠂ ᠠᠮᠤᠷ ᠲᠦᠪᠰᠢᠨ ᠵᠡᠷᠭᠡ ᠶᠢᠨ ᠣᠷᠣᠬᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠲᠠᠯ᠎ᠠ ᠪᠠᠷ ᠠᠵᠢᠯ ᠲᠥᠷᠥᠯ ᠤᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠴᠡᠭᠴᠡᠯᠡᠨ ᠵᠠᠰᠠᠬᠤ ᠬᠡᠷᠡᠭᠲᠡᠶ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ᠃ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠴᠢᠨᠠᠭᠰᠢᠳᠠ ᠪᠠᠬᠢᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ ᠰᠢᠭᠤᠶᠢᠲᠤ ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠰᠤᠷᠤᠯᠴᠠᠯᠭ᠎ᠠ ᠬᠥᠮᠦᠵᠢᠯ᠂ ᠪᠠᠢᠴᠠᠭᠠᠨ ᠰᠤᠳᠤᠯᠤᠯᠲᠠ᠂ ᠠᠰᠠᠭᠤᠳᠠᠯ ᠢ ᠪᠠᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ 7 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠤᠷᠤᠭᠰᠢᠲᠠᠶ ᠠᠬᠢᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠦᠵᠡᠰᠭᠦᠯᠡᠩ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号