ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 9 ᠤ ᠡᠳᠦᠷ ᠤᠨ ᠮᠡᠳᠡᠭᠡ ︵ᠵᠣᠤ ᠧ | ᠨᠦᠸᠧ ᠰᠢᠶᠧ ᠶᠢᠩ︶ ᠲᠦᠷᠢᠩ ᠱᠠᠩᠨᠠᠯ ᠤᠨ ᠡᠵᠡᠨ ᠶᠣᠣ ᠴᠢ ᡁᠢ ᠠᠺᠠᠳᠧᠮᠢᠴᠢ ᠶᠢᠨ ᠡᠷᠬᠢᠯᠡᠨ ᠨᠠᠶᠢᠷᠠᠭᠤᠯᠤᠭᠰᠠᠨ | ︽ᠵᠣᠬᠢᠶᠠᠮᠠᠯ ᠣᠶᠤᠨ ᠴᠢᠳᠠᠪᠤᠷᠢ ︵ᠦᠨᠳᠦᠷ ᠲᠤᠮᠳᠠᠳᠤ ᠶᠢᠨ ᠬᠡᠪᠯᠡᠯ︶︾ ᠬᠡᠬᠦ ᠵᠢᠭᠠᠬᠤ ᠮᠠᠲ᠋ᠧᠷᠢᠶᠠᠯ ᠢ 9 ᠰᠠᠷ᠎ᠠ ᠳᠤ | ᠵᠢᠩᠬᠢᠨᠢ ᠪᠠᠷ ᠬᠡᠪᠯᠡᠵᠦ ᠲᠠᠷᠬᠠᠭᠠᠬᠤ ᠪᠣᠯᠤᠨ᠎ᠠ᠃ ᠲᠣᠰ ᠵᠢᠭᠠᠬᠤ ᠮᠠᠲ᠋ᠧᠷᠢᠶᠠᠯ ᠨᠢ ᠦᠨᠳᠦᠷ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠰᠤᠷᠤᠬᠴᠢᠳ ᠤᠨ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠠᠬᠢ ᠭᠤᠤᠯ ᠰᠠᠭᠤᠷᠢ ᠪᠠ | ᠤᠭ ᠶᠣᠰᠣ ᠶᠢ ᠡᠵᠡᠮᠰᠢᠬᠦ ᠳᠤ ᠬᠠᠪᠰᠤᠷᠤᠮᠵᠢ ᠪᠣᠯᠭᠠᠬᠤ ᠶᠢᠨ ᠬᠠᠮᠲᠤ ᠰᠤᠷᠤᠯᠴᠠᠯᠭ᠎ᠠ ᠪᠠ ᠦᠢᠯᠡᠳᠦᠯᠭᠡ ᠶᠢᠨ | ᠳᠤᠮᠳᠠ ᠪᠠᠨ ᠰᠢᠨᠵᠢᠯᠡᠬᠦ ᠤᠬᠠᠭᠠᠨᠴᠢ ᠵᠥᠪ ᠠᠷᠭ᠎ᠠ ᠮᠠᠶ᠋ᠢᠭ ᠢᠶᠠᠷ ᠰᠡᠳᠬᠢᠨ ᠪᠣᠳᠣᠯᠬᠢᠯᠠᠵᠤ ᠵᠠᠳᠠᠯᠤᠯᠲᠠ ᠬᠢᠵᠦ᠂ | ᠵᠣᠬᠢᠶᠠᠮᠠᠯ ᠣᠶᠤᠨ ᠴᠢᠳᠠᠪᠤᠷᠢ ᠶᠢᠨ ᠴᠠᠭ ᠦᠶ᠎ᠡ ᠬᠦᠷᠴᠦ ᠢᠷᠡᠬᠦ ᠶᠢ ᠤᠭᠲᠤᠬᠤ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠬᠦ ᠶᠢᠨ ᠲᠥᠯᠥᠭᠡ ᠶᠤᠮ᠃ ︽ᠵᠣᠬᠢᠶᠠᠮᠠᠯ ᠣᠶᠤᠨ ᠴᠢᠳᠠᠪᠤᠷᠢ ︵ᠦᠨᠳᠦᠷ ᠲᠤᠮᠳᠠᠳᠤ ᠶᠢᠨ ᠬᠡᠪᠯᠡᠯ︶︾ ᠶᠢᠨ | ᠨᠠᠶᠢᠷᠠᠭᠤᠯᠬᠤ ᠺᠣᠮᠢᠰ ᠤᠨ ᠭᠡᠰᠢᠭᠦᠨ ᠨᠢ ᠴᠢᠩᠬᠤᠧᠠ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠰᠢᠨᠵᠢᠯᠡᠬᠦ | ᠤᠬᠠᠭᠠᠨ ᠤ ᠲᠤᠷᠰᠢᠯᠲᠠ ᠶᠢᠨ ᠠᠩᠭᠢ ︵ᠶᠣᠣ ᠴᠢ ᡁᠢ ᠶᠢᠨ ᠡᠷᠬᠢᠯᠡᠭᠰᠡᠨ ᠠᠩᠭᠢ︶ ᠪᠣᠯᠤᠨ ᠵᠣᠬᠢᠶᠠᠮᠠᠯ ᠣᠶᠤᠨ | ᠴᠢᠳᠠᠪᠤᠷᠢ ᠶᠢᠨ ᠠᠩᠭᠢ ︵ᠣᠶᠤᠨ ᠤ ᠠᠩᠭᠢ︶ ᠶᠢᠨ ᠵᠢᠭᠠᠨ ᠰᠤᠷᠭᠠᠯᠲᠠ ᠶᠢᠨ ᠪᠦᠯᠬᠦᠮ ᠠᠴᠠ ᠢᠷᠡᠭᠰᠡᠨ ᠶᠤᠮ᠃ | ᠨᠠᠶᠢᠷᠠᠭᠤᠯᠬᠤ ᠺᠤᠮᠢᠰ ᠤᠨ ᠪᠦᠯᠬᠦᠮ ᠤᠨ ᠬᠢᠨ 8 ᠵᠣᠬᠢᠶᠠᠮᠠᠯ ᠣᠶᠤᠨ ᠴᠢᠳᠠᠪᠤᠷᠢ ᠶᠢᠨ ᠭᠤᠤᠯ ᠰᠠᠭᠤᠷᠢ ᠶᠢᠨ | ᠬᠡᠰᠡᠭ ᠢ ᠨᠠᠷᠢᠨ ᠨᠢᠮᠪᠠᠢ ᠰᠣᠩᠭᠤᠪᠠ᠂ ᠡᠭᠦᠨ ᠳᠤ ᠬᠠᠶᠢᠬᠤ᠂ ᠮᠠᠰᠢᠨ ᠢᠶᠠᠷ ᠰᠤᠷᠤᠯᠴᠠᠬᠤ᠂ ᠱᠤᠭᠤᠮ ᠤᠨ ᠪᠤᠴᠠᠯᠳᠠ᠂ | ᠰᠢᠢᠳᠪᠦᠷᠢᠳᠦ ᠪᠣᠳᠣᠯᠭ᠎ᠠ ᠲᠣᠭᠲᠠᠭᠠᠬᠤ ᠮᠣᠳᠣ᠂ ᠮᠡᠳᠡᠷᠡᠯ ᠤᠨ ᠰᠦᠯᠵᠢᠶ᠎ᠡ᠂ ᠺᠣᠮᠫᠢᠦ᠋ᠲ᠋ᠧᠷ ᠤᠨ ᠬᠠᠷᠠᠭᠠᠨ ᠰᠡᠷᠡᠯ᠂ | ᠪᠠᠶᠢᠭᠠᠯᠢ ᠶᠢᠨ ᠬᠡᠯᠡ ᠪᠠᠷ ᠰᠢᠢᠳᠪᠦᠷᠢᠯᠡᠬᠦ ᠪᠠ ᠰᠤᠷᠤᠯᠴᠠᠯᠭ᠎ᠠ ᠪᠠᠨ ᠴᠢᠩᠭᠠᠳᠬᠠᠬᠤ ᠪᠠᠭᠲᠠᠵᠤ ᠪᠤᠢ᠃ | |