ᠬᠤᠲᠠ ᠲᠣᠭᠤᠷᠢᠭ ᠤᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠦᠪᠯᠡᠷᠡᠭᠦᠯᠦᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-01-16
        ᠲᠦᠷᠦᠭᠦᠬᠡᠨ᠂ ᠰᠢᠭᠤᠶᠢᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠪᠠᠶᠢᠳᠠᠯ ᠢ ᠭᠦᠨᠵᠡᠭᠡᠢ ᠤᠶᠢᠯᠠᠭᠠᠨ᠂ ᠣᠯᠠᠨ ᠲᠠᠯ᠎ᠠ ᠪᠠᠷ ᠠᠷᠠᠳ ᠤᠨ ᠰᠠᠨᠠᠭ᠎ᠠ ᠶᠢ ᠡᠵᠡᠮᠰᠢᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠠᠵᠠᠷ ᠣᠷᠣᠨ ᠤ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠴᠦᠯᠡᠨ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃
        ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠰᠢᠨ ᠴᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠶ ᠴᠢᠶᠠᠩ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦᠨ ᠵᠢᠶᠠᠨ ᠪᠢᠨ᠂ ᠲᠣᠭᠤᠷᠢᠭ  ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᡁᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠮᠠ ᠶᠠᠨ ᠯᠢ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠠᠶ᠃
        ᠶᠠᠷᠢᠯᠴᠠᠬᠤ ᠬᠤᠷᠠᠯ ᠳᠡᠭᠡᠷ᠎ᠡ᠂ ᠯᠢ ᠰᠢᠨ ᠴᠦᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ 2019 ᠣᠨ ᠤ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠵᠠᠷᠯᠠᠨ ᠮᠡᠳᠡᠭᠳᠡᠵᠦ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠳᠤ 2019 ᠣᠨ ᠤ ᠠᠵᠢᠯ ᠤᠨ ᠪᠠᠶᠢᠳᠠᠯ ᠤᠨ ᠲᠤᠬᠠᠶ ᠵᠠᠷᠯᠠᠨ ᠮᠡᠳᠡᠭᠳᠡᠪᠡ᠃
        ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ 2019 ᠣᠨ ᠳᠤ᠂ ᠰᠢᠭᠤᠶᠢᠲᠤ ᠲᠣᠭᠤᠷᠢᠭ ᠤᠨ ᠬᠢᠨ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠶᠡᠭᠡ ᠬᠡᠮᠵᠢᠶᠡᠨ ᠤ ᠠᠵᠢᠯ ᠬᠢᠵᠦ᠂ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠬᠦᠴᠦᠲᠡᠶ ᠪᠣᠯᠪᠠ ᠭᠡᠵᠦ ᠰᠠᠨᠠᠯ ᠨᠢᠭᠡᠲᠡᠶ ᠦᠵᠡᠪᠡ᠃ ᠬᠤᠶᠢᠰᠢᠳᠠ ᠰᠢᠭᠤᠶᠢᠲᠤ ᠲᠣᠭᠤᠷᠢᠭ ᠤᠨ ᠬᠥᠭᠵᠢᠯᠲᠡ ᠶᠢ ᠦᠷᠭᠦᠯᠵᠢᠯᠡᠨ ᠠᠩᠬᠠᠷᠤᠨ ᠳᠡᠮᠵᠢᠵᠦ᠂ ᠤᠯᠠᠨ ᠲᠦᠮᠡᠨ ᠲᠠᠢ ᠨᠢᠭᠡᠲᠦᠨ ᠬᠠᠷᠢᠯᠴᠠᠵᠤ᠂ ᠤᠯᠠᠨ ᠲᠦᠮᠡᠨ ᠤ ᠰᠠᠨᠠᠯ ᠢ ᠬᠢᠨᠠᠮᠠᠭᠠᠶ ᠰᠣᠨᠣᠰᠴᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠴᠠᠭ ᠲᠤᠬᠠᠶ ᠳᠤᠨᠢ ᠵᠥᠪ ᠣᠨᠣᠪᠴᠢᠲᠠᠶ ᠲᠤᠰᠬᠠᠵᠤ᠂ ᠲᠤᠰ ᠤᠳᠠᠭᠠᠨ ᠤ ᠪᠠᠶᠢᠴᠠᠭᠠᠨ ᠦᠵᠡᠬᠦ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠭᠠᠵᠠᠷ ᠣᠷᠣᠨ ᠤ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠶᠢ ᠲᠦᠯᠬᠢᠨ ᠠᠬᠢᠭᠤᠯᠬᠤ ᠲᠠᠢ ᠣᠶᠠᠯᠳᠣᠭᠤᠯᠣᠨ᠂ ᠪᠠᠶᠢᠴᠠᠭᠠᠨ ᠰᠤᠳᠤᠯᠤᠯᠲᠠ ᠶᠢ ᠬᠢᠨᠠᠮᠠᠭᠠᠶ ᠥᠷᠨᠢᠭᠦᠯᠵᠦ᠂ ᠬᠠᠤᠯᠢ ᠶᠣᠰᠣᠭᠠᠷ ᠲᠤᠰᠢᠶᠠᠯ  ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠶ᠂ ᠦᠨ᠎ᠡ ᠦᠷᠳᠡᠭ ᠲᠠᠢ ᠵᠥᠪᠯᠡᠯᠭᠡ ᠪᠠ ᠰᠠᠨᠠᠭᠤᠯᠭ᠎ᠠ ᠳᠤᠷᠠᠳᠴᠤ᠂ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号