ᠰᠤᠷᠭᠠᠨ ᠬᠥᠮᠦᠵᠢᠯ ᠤᠨ ᠶᠠᠮᠤᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ ᠡᠨᠡ ᠵᠢᠯ ︽ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠬᠦᠳᠡᠯᠴᠢᠨ︾ ᠳᠤ ᠴᠢᠩᠭ᠎ᠠ ᠴᠣᠬᠢᠯᠲᠠ ᠥᠭᠭᠦ ᠬᠡᠵᠦ ᠪᠤᠢ
ᠨᠡᠶᠢᠲᠡᠯᠡᠭᠰᠡᠨ ᠴᠠᠭ᠄
2020-01-16
       ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 9 ᠤ ᠡᠳᠦᠷ ᠤᠨ ᠮᠡᠳᠡᠭᠡ ︵ᠳᠤᠮᠳᠠᠳᠤ ᠤᠯᠤᠰ ᠤᠨ ᠵᠠᠯᠠᠭᠤᠴᠤᠳ ᠰᠣᠨᠢᠨ· ᠳᠤᠮᠳᠠᠳᠤ ᠤᠯᠤᠰ ᠤᠨ  ᠵᠠᠯᠠᠭᠤᠴᠤᠳ ᠰᠦᠯᠵᠢᠶ᠎ᠡ ᠶᠢᠨ ᠰᠤᠷᠪᠤᠯᠵᠢᠯᠠᠭᠴᠢ ᠹᠠᠨ ᠸᠧᠶ ᠴᠧᠨ︶ ᠰᠤᠷᠪᠤᠯᠵᠢᠯᠠᠭᠴᠢ ᠥᠨᠥᠳᠥᠷ ᠰᠤᠷᠭᠠᠨ ᠬᠥᠮᠦᠵᠢᠯ ᠤᠨ  ᠶᠠᠮᠤᠨ ᠠᠴᠠ ᠤᠶᠢᠯᠠᠭᠠᠬᠰᠠᠨ ᠢᠶᠠᠷ᠂ ᠲᠦᠷᠦᠭᠦᠬᠡᠨ   ᠰᠤᠷᠭᠠᠨ ᠬᠥᠮᠦᠵᠢᠯ ᠤᠨ ᠶᠠᠮᠤᠨ ︽2020 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠲᠤᠷ‌‍ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃  ︽ᠮᠡᠳᠡᠭᠳᠡᠯ︾ ᠳᠤ ︽ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠨ︾ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠵᠠᠶ᠃        ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠲᠣᠬᠢᠶᠠᠯ ᠤᠨ ᠲᠥᠪ ᠭᠤᠤᠯᠴᠢ ᠶᠢ ᠠᠬᠢᠭᠤᠯᠬᠤ ᠶᠢᠨ ᠲᠥᠯᠥᠭᠡ ︽ᠮᠡᠳᠡᠭᠳᠡᠯ︾ ᠳᠤ᠂ ᠭᠤᠤᠯᠳᠠᠯᠭᠠᠳᠤ ᠶᠡᠭᠡ ᠳᠡᠭᠡᠳᠦ ᠰᠤᠷᠭᠠᠭᠤᠯᠢ ᠳᠤ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢ ᠶᠢ ᠡᠯᠰᠡᠬᠦ ᠲᠤᠰᠬᠠᠶ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠰᠤᠷᠤᠭᠴᠢ ᠡᠯᠰᠡᠬᠦ ᠬᠠᠮᠢᠶᠠᠷᠤᠯᠲᠠ ᠶᠢ ᠴᠢᠩᠳᠠᠯᠠᠵᠤ᠂ ᠰᠢᠯᠭᠠᠭᠤᠯᠤᠭᠴᠢ ᠳᠤ ᠦᠢᠯᠡᠴᠢᠯᠡᠬᠦ ᠶᠢ ᠰᠢᠯᠢᠳᠡᠭᠵᠢᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠬᠤᠯᠪᠣᠭᠳᠠᠯ ᠪᠦᠬᠦᠢ ᠭᠠᠵᠠᠷ ᠣᠷᠣᠨ ᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ  ᠲᠡᠭᠦᠯᠳᠡᠷᠵᠢᠭᠦᠯᠵᠦ᠂ ᠬᠢᠷᠢ ᠬᠡᠮ ᠢ ᠬᠢᠨᠠᠨ ᠬᠠᠷᠭᠤᠭᠤᠯᠬᠤ ᠵᠢᠷᠤᠮ ᠢ ᠰᠢᠯᠢᠳᠡᠭᠵᠢᠭᠦᠯᠦᠨ᠂ ᠬᠤᠲᠠ ᠳᠤ ᠣᠷᠣᠵᠦ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠪᠠ ᠪᠤᠰᠤᠳ ᠡᠷᠦᠬᠡ ᠠᠮᠠ ᠶᠢᠨ ᠳᠠᠩᠰᠠ ᠥᠬᠡᠶ ᠪᠤᠯᠪᠠᠴᠤ ᠠᠵᠢᠯᠯᠠᠵᠤ ᠪᠠᠶᠢᠭ᠎ᠠ ᠬᠥᠮᠦᠰ ᠤᠨ ᠳᠠᠭᠠᠵᠤ ᠨᠡᠭᠦᠵᠦ ᠢᠷᠡᠭᠰᠡᠨ ᠨᠥᠬᠦᠴᠡᠯ ᠳᠤ ᠨᠡᠶᠢᠴᠡᠬᠦ ᠦᠷ᠎ᠡ ᠬᠡᠤᠬᠡᠳ ᠴᠥᠮ ᠲᠤᠬᠠᠶ ᠶᠢᠨ ᠭᠠᠵᠠᠷ ᠲᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠭᠦᠲᠡᠯᠴᠢᠨ︾ ᠳᠤ ᠴᠢᠩᠭ᠎ᠠ ᠴᠣᠬᠢᠯᠲᠠ ᠥᠭᠴᠦ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠤᠷᠤᠭᠴᠢ ᠡᠯᠰᠡᠬᠦ ᠡᠮᠬᠢ ᠳᠢᠭᠯᠢᠮ ᠢ ᠦᠨᠡᠨᠬᠦ ᠬᠠᠮᠠᠭᠠᠯᠠᠬᠤ ᠬᠡᠷᠡᠭᠳᠡᠢ ᠬᠡᠵᠦ ᠱᠠᠭᠠᠷᠳᠠᠪᠠ᠃        ︽ᠮᠡᠳᠡᠭᠳᠡᠯ︾ ᠳᠤ᠂ ᠱᠠᠩᠬᠠᠶ᠂ ᠵᠧᠵᠢᠶᠠᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠬᠢᠭᠰᠡᠨ ᠲᠤᠷᠰᠢᠯᠭ᠎ᠠ ᠶᠢ ᠤᠯᠠᠮ ᠨᠢᠭᠡ ᠠᠯᠬᠤᠮ ᠳ᠋ᠦᠩᠨᠡᠨ ᠲᠡᠭᠦᠯᠳᠡᠷᠵᠢᠭᠦᠯᠵᠦ᠂ ᠬᠤᠶᠠᠳᠤᠭᠠᠷ ᠪᠦᠯᠦᠭ ᠲᠤᠷᠰᠢᠯᠲᠠ ᠬᠢᠬᠦ ᠮᠣᠵᠢ ᠣᠷᠣᠨ ᠤ ᠶᠡᠭᠡ ᠳᠡᠭᠡᠳᠦ  ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ‌‍ᠬᠢᠵᠦ᠂ ᠭᠤᠷᠪᠠᠳᠤᠭᠠᠷ ᠪᠦᠯᠦᠭ ᠥᠭᠡᠷᠡᠴᠢᠯᠡᠯᠲᠡ ᠬᠢᠬᠦ ᠮᠣᠵᠢ ᠣᠷᠣᠨ ᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠢᠯᠭᠠᠯᠲᠠ ᠶᠢᠨ ᠠᠭᠤᠯᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠤᠰᠤ ᠮᠤᠷᠠᠯ ᠢᠶᠠᠷ ᠬᠥᠮᠦᠨ ᠢ ᠬᠥᠮᠦᠵᠢᠭᠦᠯᠬᠦ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠵᠠᠩᠭᠢᠯᠠᠭ᠎ᠠ ᠶᠢᠨ  ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠳᠡᠢ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠬᠤᠪᠢᠶᠠᠨ ᠰᠢᠯᠭᠠᠨ ᠡᠯᠰᠡᠬᠦ ᠠᠵᠢᠯ ᠢ ᠭᠦᠨᠵᠡᠭᠡᠶ  ᠲᠦᠯᠬᠢᠨ ᠠᠬᠢᠭᠤᠯᠵᠤ᠂ ︽ᠰᠤᠶᠤᠯ ᠤᠨ ᠬᠡᠪ ᠪᠤᠯᠪᠠᠰᠤᠷᠠᠯ + ᠠᠵᠢᠯ ᠮᠡᠷᠭᠡᠵᠢᠯ ᠤᠨ ᠴᠢᠳᠠᠪᠤᠷᠢ︾ ᠶᠢ ᠦᠨᠡᠯᠡᠬᠦ ᠠᠷᠭ᠎ᠠ ᠮᠠᠶ᠋ᠢᠭ ᠪᠠ ᠰᠢᠯᠢᠨ ᠰᠣᠩᠭᠤᠬᠤ ᠳᠦᠷᠢᠮ ᠢ ᠲᠡᠭᠦᠯᠳᠡᠷᠵᠢᠭᠦᠯᠵᠦ᠂ ᠲᠥᠷᠥᠯ ᠬᠤᠪᠢᠶᠠᠨ ᠰᠢᠯᠭᠠᠨ ᠡᠯᠰᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠳᠡᠢ ᠬᠡᠵᠦ ᠲᠤᠷᠠᠳᠤᠨ ᠭᠠᠷᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号