ᠭᠠᠯ ᠤᠨᠲᠠᠷᠠᠭᠠᠬᠤ ᠠᠮᠤᠷ ᠲᠦᠪᠰᠢᠨ ᠨᠡᠶᠢᠭᠡᠮ ᠲᠣᠭᠤᠷᠢᠭ ᠲᠤ ᠣᠷᠣᠵᠤ᠂ ᠬᠠᠪᠰᠤᠷᠤᠯᠴᠠᠭ᠎ᠠ ᠪᠠᠶᠢᠭᠤᠯᠵᠣ ᠬᠠᠮᠲᠤ ᠪᠠᠷ ᠪᠦᠲᠦᠭᠡᠨ ᠪᠠᠶᠢᠭᠤᠯᠣᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020-01-03
        ᠣᠶᠢᠷ᠎ᠠ ᠳᠤ᠂ ᠰᠢᠭᠤᠶᠢᠲᠣ ᠵᠡᠭᠡᠯᠢ ᠭᠤᠳᠤᠮᠵᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠮᠳᠠ ᠠᠩᠭᠢ ᠲᠠᠢ ᠬᠠᠮᠲᠣ ᠰᠢᠨ ᠸᠠᠩ ᠨᠡᠶᠢᠭᠡᠮ ᠲᠣᠭᠤᠷᠢᠭ ᠲᠤ ︽ᠭᠠᠯ ᠤᠨᠲᠠᠷᠠᠭᠠᠬᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠬᠦᠷᠭᠡᠵᠦ᠂ ᠬᠠᠪᠰᠤᠷᠤᠯᠴᠠᠭ᠎ᠠ ᠪᠠᠶᠢᠭᠤᠯᠵᠣ ᠬᠠᠮᠲᠤᠪᠠᠷ ᠪᠠᠶᠢᠭᠤᠯᠣᠨ ᠬᠥᠭᠵᠢᠯᠲᠡ ᠶᠢ ᠠᠬᠢᠭᠤᠯᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠡᠷᠬᠢᠯᠡᠵᠡᠢ᠃ ᠲᠣᠰ ᠤᠳᠠᠭᠠᠨ ᠤ ᠠᠵᠢᠯᠯᠠᠭ᠎ᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠪᠣᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠪᠠᠷ ᠳᠠᠮᠵᠢᠭᠤᠯᠤᠨ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠳᠠᠯᠳᠠ ᠭᠡᠮ ᠲᠠᠢ ᠦᠶ᠎ᠡ ᠳᠤ ᠪᠣᠳᠠᠲᠠᠶ ᠰᠢᠢᠳᠪᠦᠷᠢᠯᠡᠬᠦ ᠠᠷᠭ᠎ᠠ ᠪᠣᠯᠤᠨ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠨᠠᠷᠢᠨ ᠨᠢᠮᠪᠠᠶ ᠲᠣᠭᠲᠠᠭᠠᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠦᠵᠡᠯ ᠤᠬᠠᠮᠰᠠᠷ ᠪᠣᠯᠤᠨ ᠭᠡᠨᠡᠳᠲᠡ ᠶᠢᠨ ᠬᠡᠷᠡᠭ ᠢ ᠠᠷᠭᠠᠴᠠᠬᠤ᠂ ᠬᠠᠷᠢᠯᠴᠠᠨ ᠠᠪᠤᠷᠠᠬᠤ᠂ ᠠᠮᠤᠷ ᠲᠦᠪᠰᠢᠨ ᠪᠥᠭᠡᠳ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号