ᠪᠠᠭ᠎ᠠ ᠰᠠᠭ᠎ᠠ ᠠᠷᠬᠠᠭ ᠭᠡᠮ ᠤᠯᠪᠠᠯ ᠴᠢᠰᠤᠨ ᠰᠢᠬᠢᠷ ᠢᠶᠠᠨ ᠪᠠᠶᠢᠴᠠᠭᠠᠯᠭᠠᠬᠤ ᠪᠠᠷ ᠤᠴᠢᠭᠠᠷᠠᠢ︕ ᠲᠠᠷᠠᠭᠠᠬᠢ ᠵᠢᠷᠭᠤᠭᠠᠨ ᠲᠥᠷᠥᠯ ᠤᠨ ᠬᠥᠮᠦᠨ ᠠᠮᠠᠷᠬᠠᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠳᠡᠭ
ᠨᠡᠶᠢᠲᠡᠯᠡᠭᠰᠡᠨ ᠴᠠᠭ᠄
2020-01-03
        ᠴᠢᠯᠥᠭᠡᠯᠡᠬᠦ ᠴᠡᠷᠢᠭ ᠤᠨ ᠲᠡᠶᠢᠷᠦᠯᠲᠦ ᠰᠤᠮᠤᠨ ᠴᠡᠷᠢᠭ ᠠᠩᠭᠢ ᠶᠢᠨ ᠥᠪᠡᠷᠮᠢᠴᠡ ᠣᠨᠴᠠᠯᠢᠭ ᠪᠦᠬᠦᠢ ᠠᠨᠠᠭᠠᠬᠤ ᠤᠬᠠᠭᠠᠨ ᠤ ᠲᠥᠪ ᠤᠨ ᠲᠤᠳᠤᠭᠠᠳᠤ ᠱᠦᠭᠦᠷᠡᠯᠡᠯ ᠤᠨ ᠰᠠᠯᠠᠭᠠᠨ ᠤ ᠡᠷᠬᠢᠯᠡᠭᠴᠢ ᠡᠮᠴᠢ ᠯᠢ ᠴᠢᠤᠸᠠᠨ ᠮᠢᠨ᠄ ᠰᠢᠬᠢᠷ ᠰᠢᠵᠢᠩ ᠡᠪᠡᠳᠴᠢᠨ ᠤᠯᠤᠬᠰᠠᠨ ᠡᠬᠢᠨ ᠤ ᠦᠶ᠎ᠡ ᠳᠤ᠂ ᠪᠡᠶ᠎ᠡ ᠳᠤ ᠴᠢᠨᠢ ᠪᠠᠭ᠎ᠠ ᠰᠠᠭ᠎ᠠ ᠳᠣᠬᠢᠶ᠎ᠠ ᠮᠡᠳᠡᠭᠳᠡᠳᠡᠭ᠂ ᠭᠡᠪᠡᠴᠦ ᠣᠯᠠᠨ ᠢᠶᠠᠷ ᠢᠶᠠᠨ ᠲᠡᠮᠡᠢ ᠠᠩᠬᠠᠷᠤᠯ ᠳᠠᠭᠠᠨ ᠠᠪᠳᠠᠭ ᠦᠭᠡᠢ ᠬᠡᠵᠦ ᠬᠡᠯᠡᠪᠡ᠃         ᠠᠷᠠᠰᠤ ᠵᠠᠭᠠᠳᠤᠨᠠᠬᠤ᠃ ᠠᠷᠠᠰᠤ ᠵᠠᠭᠠᠲᠤᠨᠠᠬᠤ ᠨᠢ ᠵᠠᠷᠢᠮ ᠳᠠᠭᠠᠨ ᠵᠥᠪᠬᠡᠨ ᠠᠷᠠᠰᠤᠨ ᠤ ᠠᠰᠠᠭᠤᠳᠠᠯ ᠪᠢᠰᠢ᠂ ᠬᠠᠷᠢᠨ ᠰᠢᠬᠢᠷ ᠰᠢᠵᠢᠩ ᠡᠪᠡᠳᠴᠢᠨ ᠠᠴᠠ ᠪᠣᠯᠤᠭᠰᠠᠨ ᠪᠠᠶᠢᠵᠤ ᠮᠡᠳᠡᠨ᠎ᠡ᠂ ᠪᠠᠷᠤᠭ 10% ᠶᠢᠨ ᠡᠪᠡᠳᠴᠢᠳᠠᠨ ᠰᠢᠬᠢᠷ ᠰᠢᠵᠢᠩ ᠡᠪᠡᠳᠴᠢᠨ ᠤᠯᠤᠬᠰᠠᠨ ᠡᠬᠢᠨ ᠤ ᠦᠶ᠎ᠡ ᠳᠡᠭᠡᠨ ᠪᠦᠬᠦ ᠪᠡᠶ᠎ᠡ ᠨᠢ ᠵᠠᠭᠠᠳᠤᠨᠠᠬᠤ ᠪᠤᠶᠤ ᠬᠡᠰᠡᠭ ᠠᠷᠠᠰᠤ ᠨᠢ ᠵᠠᠭᠠᠲᠤᠨᠠᠳᠠᠭ᠂ ᠭᠠᠳᠠᠷ ᠪᠡᠯᠭᠡ ᠪᠠ ᠬᠤᠰᠬᠢᠨᠠᠭ ᠤᠨ ᠰᠦᠪᠡ ᠶᠢᠨ ᠬᠡᠰᠡᠭ ᠦᠷᠭᠦᠯᠵᠢ ᠵᠠᠭᠠᠳᠤᠨᠠᠳᠠᠭ ᠶᠤᠮ᠃ ᠡᠭᠦᠨ ᠠᠴᠠ ᠭᠠᠳᠠᠨ᠎ᠠ᠂ ᠠᠷᠠᠰᠤ ᠵᠠᠭᠠᠲᠤᠨᠠᠬᠤ ᠨᠢ ᠰᠢᠬᠢᠷ ᠰᠢᠵᠢᠩ ᠡᠪᠡᠳᠴᠢᠨ ᠤ ᠲᠠᠪᠬᠤᠴᠠᠬᠰᠠᠨ ᠬᠡᠮ ᠤᠨ ᠢᠯᠡᠷᠡᠯ ᠪᠤᠯᠤᠨ᠎ᠠ᠃ ᠰᠢᠬᠢᠷ ᠰᠢᠵᠢᠩ ᠡᠪᠡᠳᠴᠢᠨ ᠤᠯᠤᠬᠰᠠᠨ ᠬᠦᠮᠦᠨ ᠠᠷᠠᠰᠤᠨ ᠳᠡᠭᠡᠷ᠎ᠡ ᠨᠢ ᠰᠢᠷᠭᠤᠯᠵᠠᠢ ᠬᠦᠶᠦᠵᠦ ᠪᠠᠶᠢᠬᠤ ᠮᠡᠳᠦ  ᠰᠠᠨᠠᠬᠳᠠᠬᠤ ᠳᠤ ᠬᠦᠷᠪᠡᠯ᠂ ᠨᠢᠭᠡᠨᠲᠡ ᠮᠡᠳᠡᠷᠡᠯ ᠤᠨ ᠲᠠᠪᠬᠤᠴᠠᠬᠰᠠᠨ ᠡᠪᠡᠳᠴᠢᠨ ᠤᠯᠤᠬᠰᠠᠨ ᠪᠠᠶᠢᠵᠤ ᠮᠡᠳᠡᠨ᠎ᠡ᠂ ᠡᠭᠦᠨ ᠢ ᠪᠡᠶ᠎ᠡ ᠢᠷᠪᠢᠬᠢᠨᠡᠭᠦ ᠭᠡᠳᠡᠭ᠃         ᠴᠢᠰᠤᠨ ᠰᠢᠬᠢᠷ ᠳᠣᠤᠷ᠎ᠠ ᠪᠤᠯᠬᠤ᠃ ᠣᠯᠠᠩᠬᠢ ᠬᠥᠮᠦᠰ ᠰᠢᠬᠢᠷ ᠰᠢᠵᠢᠩ ᠡᠪᠡᠳᠴᠢᠨ ᠪᠣᠯ ᠴᠢᠰᠤᠨ ᠰᠢᠬᠢᠷ ᠥᠨᠳᠥᠷᠵᠢᠬᠦ ᠶᠢᠨ ᠲᠥᠯᠥᠭᠡᠨ ᠤ ᠦᠭᠡ ᠭᠡᠵᠦ ᠦᠵᠡᠳᠡᠭ᠂ ᠭᠡᠪᠡᠴᠦ ᠦᠨᠡᠨ ᠳᠡᠭᠡᠨ ᠴᠢᠰᠤᠨ ᠰᠢᠬᠢᠷ ᠳᠣᠤᠷ᠎ᠠ ᠪᠤᠯᠬᠤ ᠨᠢ ᠴᠤ ᠰᠢᠬᠢᠷ ᠰᠢᠵᠢᠩ ᠡᠪᠡᠳᠴᠢᠨ ᠤ ᠡᠬᠢᠨ ᠤ ᠦᠶ᠎ᠡ ᠶᠢᠨ ᠢᠯᠡᠷᠡᠯ ᠤᠨ ᠨᠢᠭᠡ ᠪᠣᠯᠤᠨ᠎ᠠ᠃ ᠡᠪᠡᠳᠴᠢᠲᠡᠨ ᠡᠬᠢᠨ ᠤ  ᠦᠶ᠎ᠡ ᠳᠡᠭᠡᠨ ᠦᠷᠭᠦᠯᠵᠢ ᠬᠤᠭᠤᠯᠠᠨ ᠠᠴᠠ ᠡᠮᠦᠨ᠎ᠡ ᠥᠯᠥᠰᠬᠦ ᠵᠡᠷᠭᠡ ᠢᠯᠡᠷᠡᠯ ᠭᠠᠷᠳᠠᠭ᠃ ᠡᠶᠢᠮᠦ ᠠᠴᠠ ᠡᠪᠡᠳᠴᠢᠲᠡᠨ ᠳᠤ ᠳᠠᠬᠢᠨ ᠳᠠᠪᠲᠠᠨ ᠬᠤᠭᠤᠯᠠᠨ ᠤ ᠡᠮᠦᠨ᠎ᠡ ᠴᠢᠰᠤᠨ ᠰᠢᠬᠢᠷ ᠳᠣᠤᠷ᠎ᠠ ᠪᠤᠯᠬᠤ ᠪᠠᠶᠢᠳᠠᠯ ᠭᠠᠷᠬᠤ ᠳᠤ ᠬᠦᠷᠪᠡᠯ᠂ ᠢᠨᠰᠦᠯᠢᠨ ᠢᠯᠭᠠᠷᠠᠭᠤᠯᠬᠤ ᠲᠤᠷᠰᠢᠯᠲᠠ ᠬᠢᠵᠦ᠂ ᠦᠨᠳᠦᠷ ᠢᠨᠰᠦᠯᠢᠨᠳᠦ ᠴᠢᠰᠤᠨ ᠭᠡᠮ ᠪᠠᠶᠢᠬᠤ ᠡᠰᠡᠬᠦ ᠶᠢ ᠦᠵᠡᠵᠦ ᠪᠤᠯᠤᠨ᠎ᠠ᠂ ᠡᠭᠦᠨ ᠠᠴᠠ ᠭᠠᠳᠠᠨ᠎ᠠ ᠴᠠᠭ ᠲᠠᠭᠠᠨ ᠬᠤᠭᠤᠯᠠ ᠪᠠᠨ ᠢᠳᠡᠬᠦ ᠶᠢ ᠠᠩᠬᠠᠷᠴᠤ᠂ ᠥᠯᠥᠰᠬᠦ ᠠᠴᠠ ᠬᠢᠴᠢᠶᠡᠬᠦ ᠬᠡᠷᠡᠭᠲᠡᠶ᠃         ᠰᠠᠭᠤᠯᠭᠠᠬᠤ᠃ ᠣᠯᠠᠩᠬᠢ ᠬᠥᠮᠦᠰ ᠭᠡᠳᠡᠰᠦ ᠨᠢ ᠡᠪ ᠦᠭᠡᠢ ᠪᠤᠯᠪᠠᠯ ᠣᠷᠴᠢᠮ ︽ᠡᠪ ᠦᠭᠡᠢ ᠶᠠᠭᠤᠮ᠎ᠠ ᠢᠳᠡᠭᠰᠡᠨ ᠠᠴᠠ ᠪᠣᠯᠤᠭᠰᠠᠨ︾ ᠬᠡᠬᠦ ᠪᠤᠶᠤ ᠭᠡᠳᠡᠰᠦᠨ ᠤ ᠦᠷᠪᠢᠰᠦᠯ ᠵᠡᠷᠭᠡ ᠡᠪᠡᠳᠴᠢᠨ ᠤᠯᠤᠬᠰᠠᠨ ᠪᠠᠶᠢᠬ᠎ᠠ ᠭᠡᠵᠦ ᠦᠵᠡᠭᠡᠳ ᠰᠢᠬᠢᠷ ᠰᠢᠵᠢᠩ ᠡᠪᠡᠳᠴᠢᠨ ᠤᠯᠬᠤ ᠪᠣᠯᠤᠮᠵᠢ ᠶᠢ ᠣᠮᠲᠣᠭᠠᠶᠢᠯᠠᠳᠠᠭ᠃ ᠰᠢᠬᠢᠷ ᠰᠢᠵᠢᠩ ᠤᠯᠤᠬᠰᠠᠨ ᠮᠠᠰᠢ ᠣᠯᠠᠨ  ᠡᠪᠡᠳᠴᠢᠲᠡᠨ ᠤ ᠡᠪᠡᠳᠴᠢᠨ ᠨᠢ ᠨᠢᠭᠤᠬᠳᠠᠮᠠᠯ ᠰᠢᠨᠵᠢ ᠲᠠᠢ᠂ ᠠᠯᠭᠤᠷ ᠠᠭᠠᠵᠢᠮ ᠢᠶᠠᠷ ᠢᠯᠡᠷᠡᠳᠡᠭ ᠠᠴᠠ ᠠᠮᠠ ᠬᠠᠲᠠᠬᠤ᠂ ᠤᠰᠤ ᠠᠷᠪᠢᠨ ᠤᠤᠭᠤᠬᠤ᠂ ᠠᠷᠪᠢᠨ ᠰᠢᠭᠡᠬᠦ ᠰᠢᠨᠵᠢ ᠢᠯᠡᠷᠡᠬᠦ ᠦᠭᠡᠢ ᠪᠠᠶᠢᠵᠤ ᠮᠡᠳᠡᠨ᠎ᠡ᠂ ᠭᠡᠪᠡᠴᠦ ᠲᠠᠪᠬᠤᠴᠠᠬᠰᠠᠨ ᠭᠡᠮ ᠵᠢᠱᠢᠶᠡᠯᠡᠪᠡᠯ ᠬᠤᠳᠣᠭᠤᠳᠣ ᠬᠡᠳᠡᠰᠦ ︵ᠰᠠᠭᠤᠯᠭᠠᠬᠤ︶ ᠡᠪᠡᠳᠭᠦ ᠠᠴᠠ ᠪᠤᠯᠵᠤ ᠡᠮᠨᠡᠬᠦᠯᠦᠨ ᠵᠠᠰᠠᠭᠤᠯᠵᠤ ᠪᠠᠶᠢᠳᠠᠭ᠃         ᠨᠤᠶᠢᠷ ᠬᠦᠷᠬᠦ᠃ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠪᠠᠶᠢᠴᠠᠭᠠᠯᠲᠠ ᠠᠴᠠ ᠦᠵᠡᠪᠡᠯ᠂ ᠰᠢᠬᠢᠷ ᠰᠢᠵᠢᠩ ᠤᠯᠤᠬᠰᠠᠨ ᠡᠪᠡᠳᠴᠢᠲᠡᠨ ᠤ ᠡᠳᠦᠷ ᠢᠶᠠᠷ ᠨᠦᠢᠷᠮᠣᠭᠯᠠᠬᠤ ᠴᠠᠭ ᠨᠢ ᠡᠷᠡᠭᠦᠯ ᠬᠥᠮᠦᠨ ᠠᠴᠠ ᠪᠠᠷᠤᠭ ᠬᠤᠶᠠᠷ ᠲᠠᠬᠢᠨ ᠤᠷᠴᠢᠮ ᠪᠠᠶᠢᠵᠤ᠂ ᠣᠨᠴᠠᠭᠠᠶᠢᠯᠠᠨ ᠨᠠᠰᠤ ᠠᠬᠢᠭᠰᠠᠨ ᠰᠢᠬᠢᠷ ᠰᠢᠵᠢᠩ ᠤᠯᠤᠬᠰᠠᠨ ᠡᠪᠡᠳᠴᠢᠲᠡᠨ ᠡᠶᠢᠮᠦ ᠪᠠᠶᠢᠳᠠᠭ᠃  ᠰᠥᠨᠢ ᠰᠠᠶᠢᠨ ᠤᠨᠳᠠᠬᠰᠠᠨ ᠪᠠᠶᠢᠳᠠᠯ᠎ᠠ ᠡᠳᠦᠷ ᠨᠦᠢᠷᠮᠣᠭᠯᠠᠭᠠᠳ ᠪᠠᠶᠢᠪᠠᠯ ᠢᠯᠡᠭᠦᠭᠡᠨ ᠬᠢᠴᠢᠶᠡᠭᠡᠷᠡᠢ᠃         ᠬᠠᠷᠠᠭ᠎ᠠ ᠮᠡᠳᠡᠭᠳᠡᠮ᠎ᠡ ᠮᠠᠭᠤᠳᠠᠬᠤ᠃ ᠰᠢᠬᠢᠷ ᠰᠢᠵᠢᠩ ᠡᠪᠡᠳᠴᠢᠨ ᠨᠢ ᠨᠢᠳᠤᠨ ᠤ ᠲᠤᠤᠷᠯᠢᠭ ᠪᠦᠷᠭᠦᠪᠴᠢ ᠶᠢᠨ ᠡᠪᠡᠳᠴᠢᠨ ᠪᠠ ᠴᠠᠭᠠᠨ ᠬᠠᠷᠠᠩ ᠢ ᠡᠭᠦᠰᠭᠡᠵᠦ᠂  ᠬᠠᠷᠠᠭ᠎ᠠ ᠶᠢ ᠨᠥᠯᠥᠭᠡᠯᠡᠳᠡᠭ᠃ ᠨᠢᠳᠤᠨ ᠤ ᠲᠤᠤᠷᠯᠢᠭ ᠪᠦᠷᠭᠦᠪᠴᠢ ᠶᠢᠨ ᠡᠪᠡᠳᠴᠢᠨ ᠨᠢ ᠬᠠᠷᠠᠭ᠎ᠠ ᠶᠢ ᠬᠠᠮᠤᠭ ᠤᠨ ᠬᠦᠨᠳᠦ ᠬᠡᠴᠡᠭᠦᠦ ᠨᠦᠯᠦᠬᠡᠯᠡᠵᠦ᠂ ᠡᠪᠡᠳᠴᠢᠲᠡᠨ ᠤ  ᠬᠠᠷᠠᠭ᠎ᠠ ᠠᠴᠠ ᠨᠢ ᠴᠢᠰᠤ ᠭᠠᠷᠤᠭᠰᠠᠨ ᠠᠴᠠ ᠪᠣᠯᠵᠤ ᠨᠢᠳᠦᠨ ᠬᠠᠷᠠᠭ᠎ᠠ ᠨᠢ ᠭᠡᠨᠡᠳᠲᠡ ᠮᠠᠭᠤᠳᠠᠳᠠᠭ᠃         ᠬᠥᠯ ᠭᠠᠷ ᠮᠢᠡᠴᠦᠭᠦᠷᠡᠭᠦ᠃ ᠢᠳᠡᠷ ᠦᠲᠡᠯᠦᠭᠡ ᠨᠠᠰᠤᠨ ᠤ ᠬᠥᠮᠦᠰ ᠲᠤ ᠬᠡᠷᠪᠡ ᠭᠠᠷ ᠬᠥᠯ ᠮᠢᠡᠴᠦᠭᠦᠷᠡᠭᠦ᠂ ᠴᠢᠨᠦᠷᠡᠵᠦ ᠡᠪᠡᠳᠬᠦ ᠵᠢᠴᠢ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠬᠡᠪ ᠤᠨ ᠪᠤᠰᠤ ᠢᠯᠡᠷᠡᠯ ᠭᠠᠷᠬᠤ ᠳᠤ ᠬᠦᠷᠪᠡᠯ᠂ ᠰᠢᠬᠢᠷ ᠰᠢᠵᠢᠩ‌ᠡᠪᠡᠳᠴᠢᠨ ᠤᠯᠤᠬᠰᠠᠨ ᠪᠠᠶᠢᠵᠤ ᠮᠡᠳᠡᠨ᠎ᠡ᠃         ᠰᠢᠷᠬ᠎ᠠ ᠨᠢ ᠤᠳᠠᠭᠠᠨ ᠡᠳᠦᠷ ᠦᠯᠦ ᠡᠳᠡᠭᠡᠷᠡᠬᠦ᠃ ᠰᠢᠬᠢᠷ ᠰᠢᠵᠢᠩ ᠤᠯᠤᠬᠰᠠᠨ ᠡᠪᠡᠳᠴᠢᠲᠡᠨ ᠶᠡᠷᠦ ᠨᠢ ᠭᠠᠳᠠᠷ ᠲᠤᠭᠤᠷᠢᠨ ᠤ ᠴᠢᠰᠤᠨ ᠰᠤᠳᠠᠯ ᠤᠨ ᠬᠡᠮ ᠲᠠᠢ ᠪᠤᠯᠵᠤ᠂ ᠰᠢᠷᠬᠠᠨ ᠤ ᠣᠷᠴᠢᠨ ᠲᠣᠭᠤᠷᠢᠨ ᠤ ᠨᠡᠬᠡᠳᠡᠰᠦ ᠶᠢᠨ ᠴᠢᠰᠤᠨ ᠬᠠᠩᠭᠠᠯᠲᠠ ᠶᠢ ᠨᠥᠯᠥᠭᠡᠯᠡᠬᠦ ᠶᠢᠨ ᠲᠡᠭᠡᠷ᠎ᠡ ᠨᠢ ᠰᠢᠮ᠎ᠡ ᠲᠡᠵᠢᠭᠡᠯ ᠬᠦᠨᠳᠦ ᠨᠣᠴᠢᠲᠠᠶ ᠭᠡᠭᠡᠭᠳᠡᠵᠦ᠂ ᠡᠪᠡᠳᠴᠢᠨ ᠢ  ᠡᠰᠡᠷᠭᠦᠴᠡᠬᠦ ᠴᠢᠳᠠᠪᠤᠷᠢ ᠳᠣᠷᠣᠭᠰᠢᠯᠠᠬᠰᠠᠨ ᠠᠴᠠ ᠪᠤᠯᠵᠤ᠂ ᠰᠢᠷᠬ᠎ᠠ ᠨᠢ ᠡᠳᠡᠭᠡᠷᠡᠬᠦ ᠳᠤ ᠬᠦᠴᠢᠷᠳᠡᠳᠡᠭ᠃         ᠰᠢᠭᠡᠰᠦᠨ ᠵᠠᠮ ᠨᠢ ᠳᠠᠬᠢᠨ ᠳᠠᠪᠲᠠᠨ ᠦᠷᠪᠢᠰᠦᠭᠦ᠃ ᠤᠷᠲᠤ ᠬᠤᠭᠤᠴᠠᠭ᠎ᠠ ᠪᠠᠷ ᠴᠢᠰᠤᠨ ᠰᠢᠬᠢᠷ ᠥᠨᠳᠥᠷ ᠪᠠᠶᠢᠬᠰᠠᠨ ᠠᠴᠠ ᠪᠤᠯᠵᠤ ᠰᠢᠭᠡᠰᠦᠨ ᠳᠤᠨᠢ ᠪᠠᠰᠠ ᠶᠡᠭᠡ ᠬᠡᠮᠵᠢᠶᠡᠨ ᠤ ᠰᠢᠬᠢᠷ ᠠᠭᠤᠯᠤᠭᠳᠠᠵᠤ᠂ ᠪᠠᠺᠲ᠋ᠧᠷᠢ ᠠᠮᠠᠷᠬᠠᠨ ᠡᠭᠦᠰᠳᠡᠭ᠃ᠡᠭᠦᠨ ᠤ ᠬᠠᠮᠲᠤ᠂ ᠡᠪᠡᠳᠴᠢᠲᠡᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠳᠣᠷᠣᠭᠰᠢᠯᠠᠵᠤ᠂ ᠴᠠᠭᠠᠨ ᠡᠰ ᠤᠨ ᠵᠠᠯᠭᠢᠬᠤ ᠴᠢᠳᠠᠪᠤᠷᠢ ᠨᠢ ᠤᠤᠯ ᠤᠨ ᠬᠢ ᠪᠠᠨ ᠬᠦᠷᠬᠦ ᠦᠭᠡᠢ ᠪᠣᠯᠵᠤ᠂ ᠦᠷᠪᠡᠰᠦᠯ ᠢ ᠨᠢ ᠤᠳᠠᠭᠠᠨ ᠵᠠᠰᠠᠪᠠᠴᠤ ᠠᠮᠠᠷᠬᠠᠨ ᠡᠳᠡᠭᠡᠷᠡᠳᠡᠭ ᠦᠭᠡᠢ᠂ ᠳᠠᠬᠢᠨ ᠳᠠᠪᠲᠠᠨ ᠬᠥᠳᠡᠯᠳᠡᠭ᠃ ᠢᠯᠠᠩᠭᠤᠶ᠎ᠠ ᠰᠢᠬᠢᠷ ᠰᠢᠵᠢᠩ ᠤᠯᠤᠬᠰᠠᠨ ᠨᠠᠰᠤ ᠠᠬᠢᠭᠰᠠᠨ ᠬᠡᠰᠡᠭ ᠡᠮᠡᠭᠳᠡᠢ ᠡᠪᠡᠳᠴᠢᠳᠠᠨ ᠪᠠᠰᠠ ᠰᠢᠭᠡᠰᠦᠨ ᠵᠠᠮ ᠤᠨ ᠰᠦᠪᠡ ᠨᠢ ᠬᠠᠲᠠᠩᠭᠢᠷᠠᠬᠤ᠂ ᠰᠢᠭᠡᠵᠦ ᠪᠠᠷᠠᠬᠤ ᠦᠭᠡᠢ᠂  ᠰᠢᠭᠡᠵᠦ  ᠪᠠᠷᠠᠭᠰᠠᠨ ᠤ ᠳᠠᠷᠠᠭ᠎ᠠ ᠭᠡᠳᠡᠰᠦ ᠨᠢ ᠱᠠᠷᠬᠢᠷᠠᠨ ᠴᠢᠨᠦᠷᠡᠬᠦ᠂ ᠴᠢᠨᠠᠭᠰᠢᠯᠠᠪᠠᠯ ᠰᠢᠭᠡᠰᠦ ᠠᠯᠳᠠᠬᠤ ᠵᠡᠷᠭᠡ ᠢᠯᠡᠷᠡᠯ ᠭᠠᠷᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号