ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ 2019 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2020-01-06
         ᠣᠶᠢᠷ᠎ᠠ ᠳᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠴᠢᠩ ᠵᠥᠩ ᠨᠡᠷ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ 2019 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
         ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠬᠠᠤᠯᠢ ᠪᠠᠷ ᠵᠠᠰᠠᠬᠤ ᠪᠡᠶᠡᠴᠢᠯᠡᠨ ᠣᠶᠢᠯᠠᠭᠠᠬᠤ ᠣᠷᠳᠣᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠲᠦᠮᠡᠨ ᠳᠤ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠢ ᠭᠦᠢᠴᠡᠳ ᠨᠤᠲᠠᠯᠠᠪᠠ᠃
         ᠲᠠᠷᠠᠭ᠎ᠠ ᠨᠢ ᠶᠠᠷᠢᠯᠴᠠᠬᠤ ᠬᠤᠷᠠᠯ ᠬᠢᠵᠦ᠂ ᠯᠢ ᠴᠢᠩ ᠵᠦᠩ ᠬᠠᠤᠯᠢ ᠴᠠᠭᠠᠵᠠ ᠶᠢᠨ ᠲᠣᠪᠴᠢᠶᠠᠨ ᠤ ᠤᠢᠢᠷ᠎ᠠ ᠶᠢᠨ ᠵᠢᠯ ᠤᠳ ᠤᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠬᠠᠤᠯᠢ ᠴᠠᠭᠠᠵᠠ ᠶᠢᠨ ᠲᠣᠪᠴᠢᠶᠠᠨ ᠤ ᠪᠠᠶᠢᠭᠤᠯᠣᠮᠵᠢ ᠶᠢ ᠥᠭᠡᠷᠡᠴᠢᠯᠡᠭᠰᠡᠨ ᠤ ᠲᠠᠷᠠᠭ᠎ᠠ᠂ ᠡᠭᠦᠷᠭᠡ ᠴᠢᠳᠠᠪᠤᠷᠢ ᠨᠢ ᠨᠡᠩ ᠪᠦᠬᠦ ᠲᠠᠯ᠎ᠠ ᠶᠢᠨ ᠪᠤᠯᠵᠤ᠂ ᠬᠠᠣᠯᠢ ᠴᠠᠭᠠᠵᠠ ᠶᠢᠨ ᠵᠠᠰᠠᠭ ᠵᠠᠬᠢᠷᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ ᠂ ᠭᠠᠳᠠᠭᠠᠳᠤ ᠤᠬᠠᠭᠤᠯᠭ᠎ᠠ ᠪᠠᠨ ᠴᠢᠩᠭᠠᠳᠬᠠᠵᠤ᠂ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠬᠤ ᠵᠡᠷᠭᠡ ᠲᠠᠯ᠎ᠠ ᠪᠠᠷ ᠬᠦᠴᠦ ᠣᠷᠣᠭᠤᠯᠵᠣ᠂ ᠰᠠᠶᠢᠲᠤᠷ ᠬᠢᠵᠦ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号