ᠰᠢᠭᠤᠶᠢᠲᠣ ᠲᠣᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠥᠪᠯᠡᠷᠡᠭᠦᠯᠦᠨ ᠵᠢᠯᠣᠭᠤᠳᠬᠤ ᠨᠡᠶᠢᠭᠡᠮᠯᠢᠭ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-06
        ᠲᠦᠷᠦᠭᠦᠬᠡᠨ᠂ ᠰᠢᠭᠤᠶᠢᠲᠣ ᠲᠣᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠥᠪᠯᠡᠷᠡᠭᠦᠯᠦᠨ ᠵᠢᠯᠣᠭᠤᠳᠬᠤ ᠨᠡᠶᠢᠭᠡᠮᠯᠢᠭ ᠬᠤᠷᠠᠯ ᠢ ᠬᠤᠷᠠᠯᠳᠤᠭᠤᠯᠪᠠ᠃         ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠣᠯᠣᠰ ᠲᠦᠷᠦ ᠶᠢᠨ ᠵᠦᠪᠯᠡᠯᠭᠡᠨ ᠤ ᠡᠷᠬᠢᠯᠡᠭᠴᠢ ᠸᠠᠩ ᠸᠧᠢ᠂ ᠲᠣᠭᠤᠷᠢᠭ  ᠤᠨ ᠤᠳᠤᠷᠢᠳᠤᠯᠭ᠎ᠠ ᠪᠠᠢ ᠰᠢᠶᠠᠩ ᠭᠦᠩ᠂ ᠵᠠᠩ ᠬᠠᠢ᠂ ᠵᠤᠤ ᠢ ᠮᠢᠨ᠂ ᠸᠠᠩ ᠶᠢᠨ ᠯᠦᠩ᠂ ᠸᠠᠩ ᠬᠤᠢ᠂ ᠵᠤᠤ ᠮᠠᠨ ᠢ᠂ ᠶᠦᠨ ᠰᠢᠶᠤᠤ ᠴᠢᠩ᠂ ᠭᠠᠢ ᠢᠦᠢ᠂ ᠯᠢ ᠰᠢᠤ ᠹᠠᠩ᠂ ᠯᠢ ᠰᠢᠶᠠᠩ᠂ ᠮᠢ ᠴᠢᠶᠣᠤ ᠯᠢᠨ᠂ ᠸᠠᠩ ᠷᠦᠩ᠂ ᠶᠠᠨ ᠴᠥᠩ ᠷᠦᠨ᠂ ᠮᠠ ᠵᠠᠨ ᠱᠧᠩ ᠬᠤᠷᠠᠯ ᠳᠤ ᠣᠷᠣᠯᠴᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠰᠤᠮᠤ ᠪᠠᠯᠭᠠᠰᠤᠨ ᠤ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
        ᠬᠤᠷᠠᠯ ᠠᠴᠠ ᠡᠮᠦᠨ᠎ᠡ᠂ ᠪᠦᠬᠦ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠪᠠ ᠲᠦᠷᠢᠮ ᠢᠶᠠᠷ ᠨᠠᠮ ᠢ ᠵᠠᠰᠠᠬᠤ ᠲᠣᠭᠲᠠᠭᠠᠯ ᠶᠣᠰᠣᠭᠠᠷ ᠨᠠᠮ ᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠴᠢ ᠨᠠᠮ ᠤᠨ ᠳᠣᠲᠣᠭᠠᠳᠤ ᠶᠢᠨ ᠭᠤᠣᠯᠳᠠᠯᠭ᠎ᠠ ᠲᠠᠢ ᠬᠠᠤᠯᠢ ᠲᠣᠭᠲᠠᠭᠠᠯ᠂ ᠲᠦᠷᠢᠮ ᠢ ᠭᠤᠣᠯᠳᠠᠯᠭ᠎ᠠ ᠲᠠᠢ ᠰᠤᠷᠤᠯᠴᠠᠪᠠ᠃ ᠬᠤᠷᠠᠯ ᠳᠡᠭᠡᠷ᠎ᠡ᠂ ᠲᠣᠭᠤᠷᠢᠭ ᠤᠨ ᠤᠳᠤᠷᠢᠳᠤᠯᠭ᠎ᠠ ᠪᠠᠶ ᠰᠢᠶᠠᠩ ᠬᠥᠩ᠂ ᠵᠠᠩ ᠬᠠᠶ᠂ ᠸᠠᠩ ᠶᠢᠨ ᠯᠦᠩ᠂ ᠸᠠᠩ ᠬᠤᠶ᠂ ᠵᠣᠣ ᠮᠠᠨ ᠢ᠂ ᠭᠠᠶ ᠢᠦᠶ᠂ ᠯᠢ ᠰᠢᠤ ᠹᠠᠩ ᠲᠣᠰ ᠲᠣᠰ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠳᠣᠲᠣᠭᠠᠳᠤ ᠶᠢᠨ ᠭᠤᠤᠯᠳᠠᠯᠭ᠎ᠠ ᠲᠠᠢ ᠬᠠᠤᠯᠢ ᠲᠣᠭᠲᠠᠭᠠᠯ ᠤᠨ ᠲᠤᠬᠠᠶ ᠲᠤᠰᠬᠠᠶ ᠰᠡᠳᠦᠪ ᠢᠶᠠᠷ ᠳᠠᠭᠠᠭᠤᠯᠤᠨ ᠰᠤᠷᠤᠯᠴᠠᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠡᠷᠴᠢᠮ ᠢᠶᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠦᠷᠢᠮ ᠢᠶᠠᠷ ᠨᠠᠮ ᠢ ᠵᠠᠰᠠᠬᠤ᠂ ᠲᠦᠷᠢᠮ ᠶᠣᠰᠣᠭᠠᠷ ᠨᠠᠮ ᠢ ᠵᠠᠰᠠᠬᠤ ᠶᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠷᠢᠳᠠᠪᠠᠷ ᠲᠦᠷᠦᠭᠦᠯᠡᠨ ᠨᠢᠭᠡ ᠠᠯᠬᠤᠮ ᠰᠤᠷᠤᠯᠴᠠᠬᠤ᠂ ᠭᠦᠨᠵᠡᠭᠡᠢ ᠰᠤᠷᠤᠯᠴᠠᠬᠤ ᠶᠢ ᠦᠨᠡᠨ ᠬᠦ ᠪᠡᠶᠡᠯᠡᠭᠦᠯᠵᠦ᠂ ᠪᠦᠬᠦ ᠲᠠᠯ᠎ᠠ ᠪᠠᠷ ᠰᠢᠰᠲ᠋ᠧᠮ ᠲᠠᠢ ᠪᠠᠷ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠭᠦᠨᠵᠡᠭᠡᠢ ᠰᠤᠷᠤᠯᠴᠠᠨ ᠨᠡᠪᠲᠡᠷᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠲᠦᠷᠢᠮ ᠲᠣᠭᠲᠠᠭᠠᠯ ᠢ ᠵᠢᠷᠤᠮᠯᠠᠬᠤ ᠠᠵᠢᠯ ᠬᠢᠬᠦ ᠳᠠᠳᠬᠠᠯ ᠢ ᠪᠤᠢ ᠪᠣᠯᠭᠠᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠡᠨ ᠬᠦ ᠪᠡᠶ᠎ᠡ ᠪᠠᠨ ᠲᠣᠭᠲᠠᠨᠢᠬᠤ᠂ ᠦᠭᠡ ᠪᠠᠨ ᠲᠣᠭᠲᠠᠨᠢᠬᠤ᠂ ᠬᠢᠬᠦ ᠪᠠᠨ ᠲᠣᠭᠲᠠᠨᠢᠬᠤ ᠶᠢᠨ ᠰᠠᠭᠤᠷᠢ ᠪᠣᠯᠭᠠᠵᠤ᠂ ᠨᠠᠮ ᠤᠨ ᠳᠣᠲᠣᠭᠠᠲᠣ ᠶᠢᠨ ᠬᠠᠤᠯᠢ ᠲᠣᠭᠲᠠᠭᠠᠯ ᠢ ᠰᠤᠷᠤᠯᠴᠠᠬᠤ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠤᠨ᠂ ᠪᠠᠶᠢᠩᠭᠤ ᠠᠳᠬᠤᠬᠤ ᠬᠡᠷᠡᠭᠲᠡᠶ︔ ᠳᠦᠷᠢᠮ ᠲᠣᠭᠲᠠᠭᠠᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠪᠠᠷᠢᠮᠲᠠᠯᠠᠵᠤ᠂ ᠳᠦᠷᠢᠮ ᠲᠣᠭᠲᠠᠭᠠᠯ ᠢ ᠲᠦᠯᠬᠢᠨ ᠠᠬᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠤᠰ ᠰᠠᠯᠠᠭ᠎ᠠ ᠮᠥᠴᠢᠷ ᠨᠢᠭᠡᠴᠢ ᠶᠢᠨ ᠪᠣᠳᠠᠲᠠᠢ ᠠᠵᠢᠯ ᠲᠠᠢ ᠤᠶᠠᠯᠳᠤᠭᠤᠯᠵᠤ᠂ ᠠᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠲᠦᠷᠢᠮ ᠲᠣᠭᠲᠠᠭᠠᠯ ᠢ ᠬᠡᠷᠡᠭᠵᠢᠭᠦᠯᠬᠦ ᠤᠬᠠᠮᠰᠠᠷ ᠢᠶᠠᠨ ᠴᠢᠩᠭᠠᠳᠬᠠᠵᠤ᠂ ᠲᠦᠷᠢᠮ ᠲᠣᠭᠲᠠᠭᠠᠯ ᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠦᠷᠢᠮᠵᠢᠯᠲᠡ᠂ ᠵᠢᠷᠣᠮᠵᠢᠯᠠᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃
        ᠬᠤᠷᠠᠯ ᠠᠴᠠ ᠱᠠᠭᠠᠷᠳᠠᠭᠰᠠᠨ ᠨᠢ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠠᠬᠢᠯᠭ᠎ᠠ ᠪᠠᠲᠤ ᠶᠢ ᠰᠠᠬᠢᠬᠤ ᠳᠦᠷᠢᠮ ᠲᠣᠭᠲᠠᠭᠠᠯ ᠢ ᠵᠢᠷᠤᠮᠯᠠᠬᠤ ᠤᠬᠠᠮᠰᠠᠷ ᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠷᠴᠢᠮ ᠢᠶᠠᠨ ᠴᠢᠨᠠᠭᠰᠢᠳᠠ ᠪᠠᠲᠤᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠠᠵᠢᠯ ᠢ ᠦᠨᠡᠨ ᠬᠦ ᠡᠭᠦᠷᠭᠡᠯᠡᠵᠦ᠂ ᠳᠦᠷᠢᠮ ᠢ ᠴᠢᠩᠭ᠎ᠠ ᠬᠡᠷᠡᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠣ᠂ ᠤᠳᠤᠷᠢᠳᠬᠤ ᠺᠠᠳ᠋ᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠮᠥᠷᠲᠡᠭᠡᠨ ᠪᠠᠰᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ︾ ᠶᠢ ᠦᠨᠡᠨ ᠬᠦ ᠰᠠᠶᠢᠲᠤᠷ ᠭᠦᠢᠴᠡᠳᠬᠡᠵᠦ᠂ ᠤᠬᠠᠮᠰᠠᠷ   ᠠᠴᠠ ᠪᠠᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠤᠬᠠᠮᠰᠠᠷ ᠠᠴᠠ ᠪᠠᠨ ᠵᠢᠷᠣᠮᠵᠢᠭᠤᠯᠣᠨ ᠡᠷᠬᠡ ᠪᠠᠨ ᠬᠡᠷᠡᠭᠯᠡᠵᠦ᠂ ᠦᠨᠡᠨ ᠬᠦ ᠬᠠᠮᠢᠶᠠᠷᠴᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠣᠷᠲᠣ ᠬᠤᠭᠤᠴᠠᠭ᠎ᠠ ᠪᠠᠷ ᠴᠢᠩᠭ᠎ᠠ ᠬᠠᠮᠢᠶᠠᠷᠬᠤ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠪᠠᠲᠤ ᠴᠢᠩᠭ᠎ᠠ ᠪᠠᠶᠢᠬᠤ ᠶᠢ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号