︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠳᠤ ᠬᠤᠯᠪᠣᠭᠳᠠᠭᠰᠠᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠢᠲᠡᠭᠡᠮᠵᠢ ᠠᠯᠳᠠᠭᠰᠠᠨ ᠨᠡᠷᠡᠰ ᠲᠤ ᠣᠷᠣᠭᠤᠯᠬᠤ ᠥᠬᠡᠶ ᠪᠠᠶᠢᠵᠤ ᠪᠣᠯᠤᠨ᠎ᠠ
ᠨᠡᠶᠢᠲᠡᠯᠡᠭᠰᠡᠨ ᠴᠠᠭ᠄
2020-01-06
       ᠠᠷᠠᠳ ᠤᠨ ᠲᠡᠭᠡᠲᠦ ᠰᠢᠭᠦᠬᠦ ᠬᠤᠷᠢᠶ᠎ᠠ 1 ᠰᠠᠷ᠎ᠠ ᠶᠢᠨ 2 ᠤᠨ ᠡᠳᠦᠷ ᠭᠦᠢᠴᠡᠳᠬᠡᠬᠦ ᠠᠵᠢᠯ ᠤᠨ ᠳᠤᠮᠳᠠ ᠰᠠᠶᠢᠨ ᠰᠠᠨᠠᠭ᠎ᠠ ᠪᠦᠭᠦᠢ ᠪᠣᠯᠪᠠᠰᠤᠨ ᠢᠶᠠᠷ ᠭᠦᠢᠴᠡᠳᠬᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ ᠨᠡᠶᠢᠲᠡᠯᠡᠵᠦ᠂ ᠵᠠᠷᠭᠤ ᠣᠯᠤᠭᠰᠠᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ  ᠬᠠᠤᠯᠢ ᠶᠣᠰᠣᠭᠠᠷ ᠪᠠᠲᠤᠯᠠᠬᠤ ᠶᠢᠨ ᠬᠠᠮᠲᠤ᠂ ᠭᠦᠢᠴᠡᠳᠬᠡᠭᠳᠡᠭᠴᠢ ᠶᠢᠨ ᠡᠷᠬᠡ ᠠᠰᠢᠭ ᠲᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠰᠤᠷᠪᠤᠯᠵᠢᠯᠠᠭᠴᠢ ᠲᠠᠨ ᠢ ᠳᠠᠭᠠᠭᠤᠯᠤᠨ ᠬᠤᠯᠪᠣᠭᠳᠠᠯ ᠪᠦᠬᠦᠢ ᠡᠷᠬᠡ ᠠᠰᠢᠭ ᠤᠨ ᠬᠠᠮᠠᠭᠠᠯᠠᠯᠳᠠ ᠶᠢᠨ ᠠᠷᠭ᠎ᠠ ᠬᠡᠮᠵᠢᠶ᠎ᠠ ᠶᠢ ᠤᠢᠢᠯᠠᠭᠠᠭᠤᠯᠬᠤ ᠪᠠᠷ ᠪᠠᠶᠢᠨ᠎ᠠ᠃        ᠪᠠᠷᠢᠮᠵᠢᠶ᠎ᠠ ᠠᠴᠠ ᠬᠡᠳᠦᠷᠡᠭᠦᠯᠦᠨ ᠪᠠᠶᠢᠴᠠᠭᠠᠨ ᠪᠢᠲᠡᠭᠦᠮᠵᠢᠯᠡᠬᠦ ᠪᠠ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠦᠵᠡᠭᠳᠡᠯ ᠢ ᠡᠷᠡᠰ ᠵᠠᠯᠠᠷᠠᠭᠤᠯᠤᠨ᠎ᠠ᠃        ᠡᠩ ᠲᠡᠷᠢᠭᠦᠨ ᠳᠤ᠂ ᠰᠠᠨᠠᠯ ᠳᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠦᠢᠯᠡᠳᠦᠯᠭᠡ ᠶᠢᠨ ᠳᠤᠮᠳᠠ ᠢᠯᠡᠷᠡᠭᠰᠡᠨ ᠪᠠᠷᠢᠮᠵᠢᠶ᠎ᠠ ᠠᠴᠠ ᠬᠡᠳᠦᠷᠡᠭᠦᠯᠦᠨ ᠪᠠᠶᠢᠴᠠᠭᠠᠨ ᠪᠢᠲᠡᠭᠦᠮᠵᠢᠯᠡᠬᠦ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠦᠵᠡᠭᠳᠡᠯ ᠢ ᠡᠷᠡᠰ ᠵᠠᠯᠠᠷᠠᠭᠤᠯᠵᠤ᠂ ᠵᠢᠷᠤᠮᠵᠢᠭᠤᠨ ᠪᠤᠰᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ ᠭᠡᠵᠦ ᠲᠤᠳᠤᠷᠬᠠᠢ ᠲᠤᠬᠳᠠᠭᠠᠪᠠ᠃ ᠳᠠᠷᠠᠭᠠᠯᠠᠪᠠᠯ᠂ ᠭᠦᠢᠴᠡᠳᠬᠡᠭᠳᠡᠭᠴᠢ ᠶᠢᠨ  ᠪᠠᠩᠬᠢ ᠶᠢᠨ ᠳᠠᠩᠰᠠᠨ ᠡᠷᠦᠬᠡ ᠳᠠᠬᠢ ᠬᠠᠳᠠᠭᠠᠯᠠᠮᠵᠢ ᠶᠢ ᠴᠡᠪᠳᠡᠭᠰᠢᠭᠦᠯᠬᠦ ᠳᠤ᠂ ᠪᠣᠳᠠᠲᠠᠶ ᠲᠤᠭ᠎ᠠ ᠬᠡᠮᠵᠢᠶ᠎ᠡ ᠶᠢ ᠨᠢ ᠲᠣᠳᠣᠷᠬᠠᠶᠢᠯᠠᠬᠤ ᠬᠡᠷᠡᠭᠲᠡᠶ᠂ ᠴᠡᠪᠳᠡᠭᠰᠢᠭᠦᠯᠬᠦ ᠠᠴᠠ ᠭᠠᠳᠠᠨᠠᠬᠢ ᠪᠡᠯᠡ ᠮᠥᠩᠭᠦ ᠶᠢᠨ ᠡᠷᠭᠢᠯᠲᠡ ᠪᠠ ᠳᠠᠩᠰᠠᠨ ᠡᠷᠦᠬᠡ ᠶᠢᠨ ᠬᠡᠷᠡᠭᠯᠡᠯᠲᠡ ᠶᠢ ᠨᠥᠯᠥᠭᠡᠯᠡᠵᠦ ᠪᠣᠯᠬᠤ‌ᠦᠭᠡᠢ︔ ᠬᠡᠮᠵᠢᠶ᠎ᠠ ᠨᠢ ᠨᠡᠯᠢᠶᠡᠳ ᠶᠡᠭᠡ ᠦᠯᠦ ᠬᠥᠳᠡᠯᠬᠦ ᠬᠥᠷᠥᠩᠭᠡ ᠶᠢᠨ ᠥᠷᠲᠡᠭ ᠨᠢ ᠠᠪᠴᠠᠭᠠᠨ ᠤ ᠲᠤᠭ᠎ᠠ ᠠᠴᠠ ᠢᠯᠡᠳᠲᠡ ᠬᠡᠲᠦᠷᠡᠭᠰᠡᠨ ᠪᠠᠶᠢᠪᠠᠯ᠂ ᠵᠣᠬᠢᠴᠠᠩᠭᠤᠶ ᠥᠷᠲᠡᠭ ᠤᠨ ᠬᠡᠰᠡᠭ ᠢ ᠨᠢ ᠪᠠᠶᠢᠴᠠᠭᠠᠨ ᠪᠢᠲᠡᠭᠦᠮᠵᠢᠯᠡᠬᠦ ᠬᠡᠷᠡᠭᠲᠡᠶ ᠭᠡᠬᠦ ᠮᠡᠲᠦ ᠪᠠᠷ ᠲᠤᠬᠳᠠᠭᠠᠪᠠ᠃        ᠰᠲ᠋ᠣᠺ ᠢᠶᠠᠨ ᠵᠠᠬ ᠳᠤ ᠭᠠᠷᠭᠠᠭᠰᠠᠨ ᠺᠣᠮᠫᠠᠨᠢ ᠶᠢᠨ ᠰᠲ᠋ᠣᠺ ᠢ ᠪᠠᠷᠢᠮᠵᠢᠶ᠎ᠠ ᠠᠴᠠ ᠬᠡᠳᠦᠷᠡᠭᠦᠯᠦᠨ ᠴᠡᠪᠳᠡᠭᠰᠢᠭᠦᠯᠬᠦ ᠶᠢ ᠴᠢᠩᠭ᠎ᠠ ᠴᠠᠭᠠᠵᠠᠯᠠᠨ᠎ᠠ᠃        ᠰᠠᠨᠠᠯ ᠳᠤ᠂ ᠰᠲ᠋ᠤᠺ ᠢᠶᠠᠨ ᠵᠠᠬ᠎ᠠ ᠳᠤ ᠭᠠᠷᠭᠠᠬᠰᠠᠨ ᠺᠣᠮᠫᠠᠨᠢ ᠶᠢᠨ ᠰᠲ᠋ᠣᠺ ᠢ ᠴᠡᠪᠳᠡᠭᠰᠢᠭᠦᠯᠬᠦ ᠳᠤ ᠬᠦᠷᠪᠡᠯ᠂ ᠠᠪᠴᠠᠭᠠᠨ ᠤ ᠲᠤᠭ᠎ᠠ ᠪᠠᠷ ᠬᠢᠵᠠᠭᠠᠷ ᠪᠣᠯᠭᠠᠵᠤ ᠴᠡᠪᠳᠡᠭᠰᠢᠭᠦᠯᠬᠦ ᠴᠢᠬᠤᠯᠠᠲᠠᠶ ᠰᠲ᠋ᠣᠺ ᠤᠨ ᠲᠤᠭ᠎ᠠ ᠬᠡᠮᠵᠢᠶ᠎ᠡ ᠶᠢ ᠪᠣᠳᠣᠵᠤ ᠭᠠᠷᠭᠠᠬᠤ‌‍ᠬᠡᠷᠡᠭᠲᠡᠶ᠃ ᠪᠤᠳᠤᠬᠤ ᠳᠠᠭᠠᠨ ᠬᠤᠪᠢ ᠨᠢᠭᠡ ᠪᠦᠷᠢ ᠶᠢᠨ ᠰᠲ᠋ᠣᠺ ᠤᠨ ᠥᠷᠲᠡᠭ ᠢ  ᠴᠡᠪᠳᠡᠭᠰᠢᠭᠦᠯᠬᠦ ᠠᠴᠠ ᠡᠮᠦᠨᠡᠬᠢ ᠨᠢᠭᠡ ᠠᠷᠠᠯᠵᠢᠶᠠᠨ ᠤ ᠡᠳᠦᠷ ᠤᠨ ᠡᠴᠤᠰ ᠤᠨ ᠦᠨ᠎ᠡ ᠬᠠᠩᠰᠢ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠡᠩ ᠤᠨ ᠪᠠᠶᠢᠳᠠᠯ ᠳᠤ20% ᠠᠴᠠ ᠦᠯᠦ ᠬᠡᠲᠦᠷᠡᠬᠦᠯᠭᠦ ᠬᠡᠪᠴᠢᠶᠡᠨ ᠳᠣᠲᠣᠷ᠎ᠠ ᠲᠣᠭᠲᠠᠭᠠᠵᠤ᠂ ᠰᠲ᠋ᠣᠺ ᠢᠶᠠᠨ ᠵᠠᠬ᠎ᠠ ᠳᠤ ᠭᠠᠷᠭᠠᠭᠰᠠᠨ ᠺᠣᠮᠫᠠᠨᠢ ᠶᠢᠨ ᠰᠲ᠋ᠣᠺ ᠢ ᠪᠠᠷᠢᠮᠵᠢᠶ᠎ᠠ ᠠᠴᠠ ᠬᠡᠳᠦᠷᠡᠭᠦᠯᠦᠨ ᠴᠡᠪᠳᠡᠭᠰᠢᠭᠦᠯᠬᠦ ᠶᠢ ᠴᠢᠩᠭ᠎ᠠ ᠴᠠᠭᠠᠵᠠᠯᠠᠨ᠎ᠠ᠃ ᠡᠭᠦᠨ ᠠᠴᠠ ᠭᠠᠳᠠᠨ᠎ᠠ᠂ ᠰᠲ᠋ᠣᠺ ᠨᠢ ᠨᠢᠭᠡᠨᠲᠡ ᠲᠡᠡᠵᠢᠯᠡᠭᠳᠡᠭᠰᠡᠨ ᠪᠥᠭᠡᠳ ᠲᠤᠰ ᠬᠡᠷᠡᠭ ᠤᠨ ᠭᠦᠢᠴᠡᠳᠬᠡᠭᠦᠯᠬᠦ ᠪᠠᠷ ᠭᠤᠶᠤᠴᠢᠯᠠᠭᠴᠢ ᠨᠢ ᠲᠡᠡᠵᠢ ᠶᠢᠨ ᠡᠷᠭᠡᠲᠦ ᠬᠥᠮᠦᠨ ᠪᠢᠰᠢ ᠪᠠᠶᠢᠬᠤ ᠪᠠᠶᠢᠳᠠᠯ ᠳᠤ᠂ ᠠᠷᠠᠳ ᠤᠨ ᠲᠡᠭᠡᠲᠦ ᠰᠢᠭᠦᠬᠦ ᠬᠤᠷᠢᠶ᠎ᠠ ᠠᠴᠠ ᠲᠡᠡᠵᠢᠯᠡᠭᠰᠡᠨ ᠰᠲ᠋ᠣᠺ ᠢ ᠰᠢᠨ᠎ᠡ ᠪᠠᠷ ᠴᠡᠪᠳᠡᠭᠰᠢᠭᠦᠯᠭᠦ ᠠᠷᠭ᠎ᠠ ᠬᠡᠯᠪᠡᠷᠢ ᠶᠢ  ᠲᠣᠭᠲᠠᠭᠠᠵᠤ᠂ ᠲᠡᠡᠵᠢᠯᠡᠭᠰᠡᠨ ᠰᠲ᠋ᠣᠺ ᠢ ᠪᠠᠷᠢᠮᠵᠢᠶ᠎ᠠ ᠠᠴᠠ ᠬᠡᠳᠦᠷᠡᠭᠦᠯᠦᠨ ᠴᠡᠪᠳᠡᠭᠯᠡᠬᠦ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠨ᠎ᠡ ᠭᠡᠵᠦ ᠲᠤᠬᠳᠠᠭᠠᠪᠠ᠃        ᠬᠡᠷᠡᠭᠯᠡᠭᠡ ᠬᠢᠭᠦ ᠶᠢ ᠬᠢᠵᠠᠭᠠᠷᠯᠠᠬᠤ ᠶᠢ ᠬᠦᠴᠦᠨ ᠦᠭᠡᠢ ᠪᠤᠯᠭᠠᠬᠤ ᠪᠤᠶᠤ ᠲᠦᠷ ᠴᠠᠬ ᠬᠦᠴᠦᠨ ᠦᠭᠡᠢ ᠪᠤᠯᠭᠠᠬᠤ ᠬᠡᠳᠦᠨ ᠲᠥᠷᠥᠯ ᠤᠨ ᠦᠢᠯᠡ ᠪᠠᠶᠢᠳᠠᠯ ᠢ ᠲᠤᠬᠳᠠᠭᠠᠪᠠ᠃        ᠰᠠᠨᠠᠯ ᠳᠤ᠂ ᠡᠯ᠎ᠡ ᠭᠠᠵᠠᠷ ᠤᠨ ᠰᠢᠭᠦᠬᠦ ᠬᠤᠷᠢᠶ᠎ᠠ ᠨᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠭᠦᠢᠴᠡᠳᠬᠡᠭᠳᠡᠭᠴᠢ ᠳᠤ 1 ᠰᠠᠷ᠎ᠠ ᠠᠴᠠ 3 ᠰᠠᠷ᠎ᠠ ᠶᠢᠨ ᠬᠤᠭᠤᠴᠠᠭ᠎ᠠ ᠶᠢ ᠤᠷᠲᠤᠳᠬᠠᠨ ᠥᠭᠴᠦ ᠪᠣᠯᠤᠨ᠎ᠠ᠂ ᠤᠷᠲᠤᠳᠬᠠᠭᠰᠠᠨ ᠬᠤᠭᠤᠴᠠᠭᠠᠨ ᠳᠣᠲᠣᠷ᠎ᠠ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠭᠰᠡᠨ ᠪᠠᠶᠢᠪᠠᠯ᠂ ᠳᠠᠬᠢᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠦᠭᠡᠢ︔ ᠭᠦᠢᠴᠡᠳᠬᠡᠭᠰᠡᠨ ᠦᠭᠡᠢ ᠪᠠᠶᠢᠪᠠᠯ ᠳᠠᠬᠢᠵᠤ ᠠᠪᠤᠨ᠎ᠠ ᠭᠡᠵᠦ ᠲᠤᠬᠳᠠᠭᠠᠪᠠ᠃ ᠠᠷᠠᠳ ᠤᠨ ᠲᠡᠭᠡᠲᠦ ᠰᠢᠭᠦᠬᠦ ᠬᠤᠷᠢᠶ᠎ᠠ ᠪᠠᠰᠠ ᠬᠡᠷᠡᠭᠯᠡᠭᠡ ᠬᠢᠭᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠪᠤᠶᠤ ᠲᠦᠷ ᠴᠠᠭ ᠬᠦᠴᠦᠨ ᠦᠭᠡᠢ ᠪᠣᠯᠭᠠᠬᠤ ᠬᠡᠳᠦᠨ ᠵᠦᠢᠯ ᠤᠨ ᠦᠢᠯᠡ ᠪᠠᠶᠢᠳᠠᠯ ᠢ ᠲᠣᠭᠲᠠᠭᠠᠵᠠᠶ᠃ ᠵᠢᠱᠢᠶᠡᠯᠡᠪᠡᠯ᠂ ᠬᠡᠷᠡᠭᠯᠡᠭᠡ ᠬᠢᠭᠦ ᠨᠢ ᠬᠢᠵᠠᠭᠠᠷᠯᠠᠭᠳᠠᠭᠰᠠᠨ ᠬᠤᠪᠢ ᠬᠥᠮᠦᠨ ᠤ ᠲᠤᠰ ᠪᠡᠶ᠎ᠠ ᠪᠤᠶᠤ ᠤᠢᠢᠷ᠎ᠠ ᠲᠥᠷᠥᠯ ᠰᠠᠳᠤᠨ ᠨᠢ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠨ ᠵᠡᠷᠭᠡ ᠵᠠᠷᠢᠮ ᠪᠠᠶᠢᠳᠠᠯ ᠠᠴᠠ ᠪᠣᠯᠵᠤ᠂ ᠭᠠᠳᠠᠷ ᠣᠷᠣᠨ ᠳᠤ ᠪᠠᠴᠢᠮ ᠣᠴᠢᠬᠤ ᠴᠢᠬᠤᠯᠠᠲᠠᠶ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠨᠢ ᠬᠦᠮᠦᠡᠯᠢᠭ ᠦᠵᠡᠯ ᠠᠴᠠ ᠭᠠᠷᠳᠠᠨ ᠲᠡᠲᠡᠨ ᠤ ᠨᠢᠰᠬᠡᠯ᠂ ᠲᠦᠷᠭᠡᠨ ᠤ ᠲᠡᠮᠦᠷ ᠵᠠᠮ ᠳᠤ ᠰᠠᠭᠤᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠦᠷ ᠴᠠᠭ ᠬᠦᠴᠦᠨ ᠦᠭᠡᠢ ᠪᠣᠯᠭᠠᠬᠤ ᠬᠡᠷᠡᠭᠲᠡᠶ ᠬᠡᠪᠡ᠃        ᠰᠤᠷᠭᠠᠭᠤᠯᠢ ᠳᠤ ᠪᠠᠶᠢᠭ᠎ᠠ ᠰᠤᠷᠤᠭᠴᠢ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠠᠴᠠ ᠪᠣᠯᠵᠤ ᠭᠦᠢᠴᠡᠳᠬᠡᠭᠳᠡᠭᠴᠢ ᠪᠤᠯᠤᠬᠰᠠᠨ ᠪᠠᠶᠢᠪᠠᠯ ᠢᠲᠡᠭᠡᠮᠵᠢ ᠠᠯᠳᠠᠭᠰᠠᠨ ᠨᠡᠷᠡᠰ ᠲᠤ ᠣᠷᠣᠭᠤᠯᠬᠤ ᠥᠬᠡᠶ᠃        ᠰᠠᠨᠠᠯ ᠳᠤ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ ᠦᠯᠦ ᠪᠤᠯᠬᠤ ᠬᠡᠳᠦᠨ ᠲᠥᠷᠥᠯ ᠤᠨ ᠦᠢᠯᠡ ᠪᠠᠶᠢᠳᠠᠯ ᠢ ᠲᠣᠳᠣᠷᠬᠠᠶᠢᠯᠠᠪᠠ᠃ ᠡᠭᠦᠨ ᠳᠤ᠂ ᠨᠢᠭᠡᠴᠨ ᠨᠢ  ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠤᠯᠤᠬᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ᠂ ᠥᠭᠴᠡᠭᠡ ᠪᠠᠨ ᠭᠦᠢᠴᠡᠳᠬᠡᠬᠦ ᠶᠢ ᠨᠥᠯᠥᠭᠡᠯᠡᠬᠦ ᠰᠢᠭᠤᠳ ᠬᠠᠷᠢᠭᠤᠴᠠᠯᠭ᠎ᠠ ᠲᠠᠢ ᠬᠥᠮᠦᠨ᠂ ᠪᠣᠳᠠᠲᠠᠶ ᠡᠵᠡᠮᠳᠡᠭᠴᠢ ᠵᠡᠷᠭᠡ ᠶᠢ ᠢᠲᠡᠭᠡᠯ ᠠᠯᠳᠠᠭᠰᠠᠨ ᠨᠡᠷᠡᠰ ᠲᠤ ᠣᠷᠣᠭᠤᠯᠵᠤ ᠪᠣᠯᠬᠤ ᠦᠭᠡᠢ᠃ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠰᠤᠷᠤᠭᠴᠢ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ ᠵᠢᠭᠤᠷᠠᠯᠳᠤᠭᠠᠨ ᠠᠴᠠ ᠪᠣᠯᠵᠤ ᠭᠦᠢᠴᠡᠳᠬᠡᠭᠳᠡᠭᠴᠢ ᠪᠣᠯᠤᠭᠰᠠᠨ ᠪᠠᠶᠢᠪᠠᠯ᠂ ᠡᠩ ᠤᠨ ᠪᠠᠶᠢᠳᠠᠯ ᠳᠤ ᠲᠡᠲᠡᠨ ᠳᠤ ᠢᠲᠡᠭᠡᠯ ᠠᠯᠳᠠᠭᠰᠠᠨ ᠨᠡᠷᠡᠰ ᠲᠤ ᠣᠷᠣᠭᠤᠯᠬᠤ ᠪᠤᠶᠤ ᠬᠡᠷᠡᠭᠯᠡᠭᠡ ᠬᠢᠭᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ ᠭᠡᠵᠦ ᠲᠤᠳᠤᠷᠬᠠᠢ ᠲᠤᠬᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号