ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠢᠳᠬᠦᠯ ᠭᠠᠷᠭᠠᠶ᠎ᠠ    — — ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ
ᠨᠡᠶᠢᠲᠡᠯᠡᠭᠰᠡᠨ ᠴᠠᠭ᠄
2020-01-09
        ︽ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠨᠠᠶᠢᠲᠠᠪᠣᠷᠢᠵᠢᠭᠤᠯᠬᠤ᠂ ᠲᠤᠬᠢᠷᠠᠭᠤᠯᠤᠨ ᠪᠠᠶᠢᠷᠢᠯᠠᠭᠤᠯᠬᠤ ᠠᠵᠢᠯ ᠤᠨ ᠭᠤᠣᠯᠳᠠᠯᠭ᠎ᠠ ᠳᠣᠪᠣᠶᠢᠮ᠎ᠠ᠂ ᠱᠠᠭᠠᠷᠳᠠᠯᠭ᠎ᠠ ᠲᠣᠳᠣᠷᠬᠠᠢ᠂ ᠠᠵᠢᠯᠯᠠᠭᠤᠯᠬᠤ ᠴᠢᠨᠠᠷ᠂ ᠬᠥᠳᠡᠯᠦᠨ ᠳᠠᠭᠠᠭᠤᠯᠬᠤ ᠴᠢᠨᠠᠷ᠂ ᠦᠢᠯᠡᠳᠦᠯᠭᠡᠵᠢᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠪᠢᠳᠡᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ ᠥᠭᠴᠡᠢ᠃︾ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠥᠩ ᠬᠡᠯᠡᠬᠦ ᠳᠡᠭᠡᠨ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠪᠠᠨ ᠳᠣᠪᠤᠶᠢᠯᠭᠠᠵᠤ᠂ ᠳᠤᠲᠠᠭᠤᠳᠠᠯ ᠢ ᠨᠥᠬᠦᠪᠥᠷᠢᠯᠡᠬᠦ ᠪᠠᠭᠤᠷᠠᠢ ᠵᠦᠢᠯᠡᠰ ᠢ ᠳᠣᠪᠤᠶᠢᠯᠭᠠᠨ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠡᠷᠡᠰ ᠢᠯᠠᠯᠲᠠ ᠣᠯᠵᠤ᠂ ᠠᠵᠠ ᠲᠣᠬᠢᠶᠠᠯ ᠢ ᠠᠮᠵᠢᠨ ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠥᠷᠭᠡᠳᠬᠡᠨ᠂ ᠣᠷᠣᠨ ᠪᠦᠰᠡ ᠶᠢᠨ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠶ᠃          ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠧᠨ ᠵᠢᠶᠠᠨ ᠵᠦᠩ᠂ ᠰᠢᠭᠤᠶᠢᠲᠣ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠬᠤ᠂ ︽ᠠᠮᠢ ᠠᠬᠤᠢ ᠶᠢᠨ ᠰᠣᠶᠣᠯ ᠵᠤᠭᠠᠴᠠᠯ ᠤᠨ ᠲᠣᠭᠤᠷᠢᠭ᠂ ᠠᠵᠤ ᠦᠢᠯᠡᠰ ᠣᠯᠠᠨ ᠡᠰᠢᠴᠢᠯᠡᠨ ᠣᠷᠣᠨ ᠢᠶᠠᠨ ᠮᠠᠨᠳᠤᠭᠤᠯᠬᠤ᠂ ᠶᠠᠰᠤ ᠴᠢᠨᠠᠷ ᠦᠷ᠎ᠡ ᠠᠰᠢᠭ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢ ᠲᠠᠷᠢᠬᠢ ᠲᠣᠯᠣᠭᠠᠶ ᠳᠠᠭᠠᠨ ᠦᠨᠳᠦᠰᠦᠯᠡᠭᠦᠯᠵᠦ᠂ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ ᠬᠡᠷᠡᠭᠲᠡᠶ︔ ᠳᠦᠷᠢᠮ ᠤᠨ ᠤᠬᠠᠮᠰᠠᠷ ᠪᠣᠯᠤᠨ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠯᠡᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠶᠢ ᠠᠬᠢᠭᠤᠯᠵᠤ᠂ ᠳᠦᠷᠢᠮ ᠤᠨ ᠪᠠᠶᠢᠭᠤᠯᠣᠯᠲᠠ ᠪᠠᠷ ᠴᠢᠨᠠᠷ ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ︔ ᠺᠠᠳ᠋ᠷ ᠢ ᠬᠥᠮᠦᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠳᠠᠪᠤᠷᠢᠲᠠᠨ ᠢ ᠢᠯᠡᠷᠡᠭᠦᠯᠬᠦ᠂ ᠬᠥᠮᠦᠵᠢᠭᠦᠯᠬᠦ ᠪᠠ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃           ᠰᠢᠭᠤᠶᠢᠲᠤ ᠲᠣᠭᠤᠷᠢᠭ ᠨᠢ ᠤᠯᠤᠰ ᠤᠨ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠪᠠᠨ ᠬᠤᠪᠢᠷᠠᠭᠤᠯᠬᠤ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠶᠠᠭ ᠳᠠᠪᠠᠭ᠎ᠠ ᠳᠠᠪᠠᠵᠤ ᠡᠷᠬᠢ ᠳᠠᠪᠠᠭ᠋ᠤ᠂ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠃ ᠴᠧᠨ ᠵᠢᠶᠠᠨ ᠵᠦᠩ᠂ ᠨᠠᠷᠢᠨ ᠨᠢᠮᠪᠠᠶ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠨᠠᠷᠢᠨ ᠨᠢᠮᠪᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠲᠡᠰ ᠳᠠᠪᠰᠢᠵᠤ᠂ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃           ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠲᠦ ᠳᠠᠶᠢᠨ ᠬᠢᠵᠦ ᠰᠢᠢᠳᠪᠦᠷᠢᠲᠦ ᠢᠯᠠᠯᠲᠠ ᠣᠯᠬᠤ ᠶᠢ ᠦᠨᠡᠨ ᠬᠦ ᠪᠠᠲᠤᠯᠠᠨ᠎ᠠ᠃ ᠤᠷᠲᠤ ᠬᠤᠭᠤᠴᠠᠭ᠎ᠠ ᠪᠠᠷ ᠲᠣᠭᠲᠠᠭᠤᠨ ᠪᠥᠭᠡᠳ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠣ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ᠲᠣᠰ ᠪᠡᠶ᠎ᠡ ᠶᠢᠨ ᠬᠠᠩᠭᠠᠯᠭ᠎ᠠ ᠶᠢᠨ ᠪᠢᠴᠢᠯ ᠡᠷᠭᠢᠯᠲᠡ ᠶᠢ ᠨᠡᠪᠲᠡᠷᠡᠭᠦᠯᠦᠨ᠎ᠡ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠵᠡᠯ ᠰᠠᠨᠠᠭᠠᠨ ᠤ ᠬᠤᠪᠢᠷᠠᠯᠲᠠ ᠶᠢ ᠨᠠᠩ ᠳᠣᠪᠣᠶᠢᠮ᠎ᠠ ᠪᠠᠢᠷᠢᠨ ᠳᠤ ᠲᠠᠯᠪᠢᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠣ ᠂ ᠶᠠᠳᠠᠭᠤ ᠶᠢ ᠲᠡᠳᠬᠦᠬᠦ ᠪᠠ ᠣᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠭᠤᠷᠬᠠᠢ ᠶᠢᠨ ᠬᠤᠳᠳᠤᠭ ᠢ ᠰᠡᠷᠭᠦᠭᠡᠨ ᠵᠠᠰᠠᠬᠤ ᠶᠢ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠭᠤᠰᠬᠠᠬᠤ ᠠᠬᠢᠴᠠ ᠶᠢ ᠲᠦᠷᠭᠡᠳᠬᠡᠵᠦ᠂ ᠥᠨᠳᠥᠷ ᠪᠠᠷᠢᠮᠵᠢᠶ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ ᠴᠣᠭᠴᠠᠲᠤ ᠠᠬᠢᠴᠠ ᠶᠢ ᠲᠦᠯᠬᠢᠨ ᠠᠬᠢᠭᠤᠯᠵᠤ᠂ ᠠᠯᠪᠠᠨ ᠵᠠᠷᠤᠳᠠᠯ ᠤᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠵᠤ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠥᠨᠳᠥᠷ ᠬᠢᠷᠢ ᠬᠡᠮᠵᠢᠶ᠎ᠡ ᠪᠠᠷ ᠰᠡᠷᠭᠡᠶᠢᠯᠡᠨ ᠠᠷᠢᠯᠭᠠᠨ᠎ᠠ᠃           ᠬᠡᠮᠵᠢᠶ᠎ᠡ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠪᠣᠯᠣᠳ ᠲᠡᠮᠦᠷ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠤ ᠶᠢ ᠠᠬᠢᠭᠤᠯᠵᠤ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠠᠷᠠᠯᠵᠢᠶᠠᠨ ᠤ ᠲᠥᠪ ᠤᠨ ᠡᠷᠦᠬᠡ ᠠᠮᠠ ᠣᠷᠣᠬᠤ ᠶᠢ ᠲᠦᠷᠭᠡᠳᠬᠡᠵᠦ᠂ ᠬᠤᠸᠠ ᠸᠧᠶ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ ᠡᠭᠦᠯᠡᠨ ᠪᠣᠳᠣᠯᠲᠠ ᠶᠢᠨ ᠲᠥᠪ᠂ ᠠᠵᠤ ᠦᠢᠯᠡᠳᠪᠦᠷᠢ ᠶᠢᠨ ᠢᠨᠲᠧᠷ ᠰᠦᠯᠵᠢᠶᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠨᠡᠭᠦᠷᠡᠰᠦᠨ ᠳᠠᠪᠬᠤᠷᠭ᠎ᠠ ᠶᠢᠨ ᠬᠡᠢ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠠᠵᠤ ᠠᠬᠤᠢ ᠶᠢᠨ ᠰᠢᠰᠲ᠋ᠧᠮ ᠢ ᠪᠠᠶᠢᠭᠤᠯᠣᠨ᠎ᠠ︔ ᠤᠯᠤᠰ ᠠᠴᠠ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ︽ᠵᠢᠭᠤᠯᠴᠢᠯᠠᠯ + ᠡᠷᠡᠭᠦᠯᠵᠢᠯ ᠰᠤᠪᠢᠯᠠᠯᠲᠠ︾ ︽ᠵᠢᠭᠤᠯᠴᠢᠯᠠᠯ + ᠰᠣᠶᠣᠯ︾ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠨ᠎ᠠ︔ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠲᠥᠷᠥᠯ ᠵᠦᠢᠯ ᠢ ᠰᠠᠶᠢᠲᠤᠷ ᠬᠥᠭᠵᠢᠭᠦᠯᠵᠦ᠂ ᠣᠶᠤᠨᠴᠢ ᠬᠦᠯᠡᠮᠵᠢ ᠶᠢᠨ ᠥᠨᠳᠥᠷ ᠦᠷ᠎ᠡ ᠠᠰᠢᠭᠲᠤ ᠲᠥᠬᠦᠭᠡᠷᠦᠮᠵᠢᠲᠦ ᠲᠠᠷᠢᠶᠠᠯᠠᠩ ᠪᠠ ᠮᠢᠬᠠᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠢ ᠠᠬᠢᠭᠤᠯᠵᠤ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠠᠵᠤ ᠠᠬᠤᠢ ᠶᠢ ᠰᠦᠪᠡᠭᠴᠢᠯᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠲᠠᠯᠪᠢᠬᠤ᠂ ᠬᠠᠮᠢᠶᠠᠷᠠᠬᠤ᠂ ᠦᠢᠯᠡᠴᠢᠯᠡᠬᠦ︾᠎ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠬᠦᠯᠦᠰᠦᠯᠡᠭᠰᠡᠨ ᠠᠵᠤ ᠠᠬᠤᠶᠢᠯᠠᠯ ᠤᠨ ᠠᠵᠤ ᠠᠬᠤᠶᠢᠯᠠᠯᠲᠠᠨ ᠲᠠᠢ ᠬᠠᠷᠢᠯᠴᠠᠬᠤ ᠳᠦᠷᠢᠮ ᠢ ᠪᠦᠷᠢᠨᠰᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠨᠡᠭᠡᠭᠡᠨ ᠡᠷᠬᠢᠯᠡᠵᠦ᠂ ᠲᠥᠷᠥᠯ ᠵᠦᠢᠯ ᠤᠨ ᠭᠠᠷᠳᠠᠮ ᠢ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠭᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠲᠠᠨᠢᠯ ᠪᠤᠰᠤ ᠥᠪᠡᠷ ᠤᠨ ᠥᠷᠲᠡᠭ ᠪᠠ ᠬᠥᠭᠵᠢᠯᠲᠡ ᠶᠢᠨ ᠳᠠᠯᠳᠠ ᠪᠠᠬᠢᠯᠡᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠨ᠎ᠠ︔ ᠬᠦᠷᠢᠶᠡᠯᠡᠩ ᠲᠣᠭᠤᠷᠢᠭ ᠲᠤ ᠴᠠᠬᠢᠯᠭᠠᠨ ᠲᠦᠭᠡᠭᠡᠨ ᠬᠤᠳᠠᠯᠳᠤᠬᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ᠂ ᠲᠣᠭᠠᠴᠢᠯᠠᠭᠰᠠᠨ ᠵᠠᠰᠠᠭ ᠤᠨ ᠣᠷᠳᠣᠨ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠳᠣᠲᠣᠭᠠᠳᠤ ᠭᠠᠳᠠᠭᠠᠳᠤ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠲᠥᠷᠥᠯ ᠵᠦᠢᠯ ᠢ ᠲᠥᠰᠦᠪᠯᠡᠬᠦ᠂ ᠨᠥᠭᠡᠴᠡᠯᠡᠬᠦ᠂ ᠣᠷᠣᠭᠤᠯᠤᠨ ᠠᠪᠴᠢᠷᠠᠬᠤ᠂ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠤᠲᠠ ᠶᠢᠨ ᠳᠠᠷᠤᠭ᠎ᠠ ᠬᠤᠰᠢᠭᠤ ᠰᠢᠶᠠᠨ ᠤ ᠳᠠᠷᠤᠭ᠎ᠠ︾᠎ ᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ︔ ᠰᠤᠯᠠ ᠪᠠᠶᠢᠭ᠎ᠠ ᠭᠠᠵᠠᠷ ᠰᠢᠷᠣᠢ ᠶᠢ ᠲᠦᠷᠭᠡᠳᠬᠡᠨ ᠰᠢᠢᠳᠪᠦᠷᠢᠯᠡᠵᠦ᠂ ︽ᠦᠬᠦᠰᠢᠷᠡᠮᠡᠯ ᠠᠵᠤ ᠠᠬᠤᠶᠢᠯᠠᠯ︾᠎ ᠢ ᠢᠯᠭᠠᠷᠠᠭᠤᠯᠵᠤ᠂ ᠬᠦᠷᠢᠶᠡᠯᠡᠩ ᠲᠣᠭᠤᠷᠢᠭ ᠤᠨ ᠬᠥᠨᠳᠡᠶᠢᠷᠡᠭᠦᠯᠬᠦ᠂ ᠡᠬᠢ ᠪᠠᠶᠠᠯᠢᠭ ᠢ ᠰᠤᠯᠠ ᠲᠠᠯᠪᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃           ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠣᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠨᠢᠭᠡᠳᠦᠯᠲᠡᠢ ᠳᠤ ᠲᠥᠯᠥᠪᠯᠡᠨ ᠰᠠᠶᠢᠲᠤᠷ ᠰᠢᠢᠳᠪᠦᠷᠢᠯᠡᠵᠦ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠪᠦᠲᠦᠭᠡᠬᠦ ᠶᠢ ᠰᠠᠶᠢᠲᠤᠷ ᠠᠳᠬᠤᠵᠤ᠂ ᠰᠦ ᠮᠧᠩ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠶᠢ ᠠᠰᠢᠭᠯᠠ ᠰᠤᠷᠭᠠᠨ ᠬᠥᠮᠦᠵᠢᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠤᠨ ᠡᠬᠡ ᠨᠢᠯᠬᠠᠰ ᠤᠨ ᠡᠷᠡᠭᠡᠯᠵᠡᠯ ᠤᠨ ᠵᠠᠰᠠᠯ ᠴᠢᠮᠡᠭᠯᠡᠯ ᠤᠨ ᠬᠡᠷᠡᠭᠯᠡᠯᠲᠡ ᠶᠢ ᠲᠦᠷᠭᠡᠳᠬᠡᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠭᠤᠶᠢᠲᠣ ᠰᠢᠨ᠎ᠡ ᠲᠣᠭᠤᠷᠢᠭ ᠤᠨ ᠬᠤᠲᠠ ᠶᠢᠨ ᠲᠣᠭᠤᠷᠢᠭ ᠲᠤ ᠲᠦᠷᠭᠡᠨ ᠠᠭᠤᠰᠤᠯᠴᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠬᠤ ᠦᠭᠡᠢ ᠠᠶᠢᠯ ᠲᠣᠰᠬᠤᠨ ᠢ ᠨᠡᠭᠦᠯᠭᠡᠨ ᠥᠭᠡᠷᠡᠴᠢᠯᠡᠬᠦ ᠶᠢ ᠲᠦᠷᠭᠡᠳᠬᠡᠵᠦ᠂ ︽ᠭᠤᠷᠪᠠᠨ  ᠲᠠᠷᠢᠶ᠎ᠠ ᠭᠤᠷᠪᠠᠨ ᠮᠠᠯᠵᠢᠬᠤ︾᠎ ᠤ ᠳᠤᠲᠠᠭᠤᠳᠠᠯ ᠢ ᠨᠥᠬᠦᠪᠥᠷᠢᠯᠡᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢᠲᠣ ᠴᠢᠨᠠᠷᠲᠠᠶ᠂ ᠬᠤᠷᠢᠭ᠎ᠠ ᠱᠤᠭᠤᠮ ᠢ ᠰᠠᠬᠢᠬᠤ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠪᠡ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠨ᠎ᠠ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号