︽ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠨᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠲᠠᠪᠣᠷᠢᠵᠢᠭᠤᠯᠬᠤ᠂ ᠲᠤᠬᠢᠷᠠᠭᠤᠯᠤᠨ ᠪᠠᠶᠢᠷᠢᠯᠠᠭᠤᠯᠬᠤ ᠠᠵᠢᠯ ᠤᠨ ᠭᠤᠣᠯᠳᠠᠯᠭ᠎ᠠ ᠳᠣᠪᠣᠶᠢᠮ᠎ᠠ᠂ ᠱᠠᠭᠠᠷᠳᠠᠯᠭ᠎ᠠ | ᠲᠣᠳᠣᠷᠬᠠᠢ᠂ ᠠᠵᠢᠯᠯᠠᠭᠤᠯᠬᠤ ᠴᠢᠨᠠᠷ᠂ ᠬᠥᠳᠡᠯᠦᠨ ᠳᠠᠭᠠᠭᠤᠯᠬᠤ ᠴᠢᠨᠠᠷ᠂ ᠦᠢᠯᠡᠳᠦᠯᠭᠡᠵᠢᠭᠦᠯᠬᠦ ᠴᠢᠨᠠᠷ ᠢᠶᠠᠷ | ᠴᠢᠩᠭ᠎ᠠ ᠪᠠᠶᠢᠵᠤ᠂ ᠪᠢᠳᠡᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ | ᠵᠢᠭᠠᠵᠤ ᠥᠭᠴᠡᠢ᠃︾ ᠰᠢᠭᠤᠶᠢᠲᠣ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠥᠩ | ᠬᠡᠯᠡᠬᠦ ᠳᠡᠭᠡᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠬᠠᠷᠠᠯᠲᠠ ᠡᠭᠦᠷᠭᠡ ᠪᠠᠨ ᠳᠣᠪᠤᠶᠢᠯᠭᠠᠵᠤ᠂ ᠳᠤᠲᠠᠭᠤᠳᠠᠯ ᠢ ᠨᠥᠬᠦᠪᠥᠷᠢᠯᠡᠬᠦ ᠪᠠᠭᠤᠷᠠᠢ ᠵᠦᠢᠯᠡᠰ ᠢ ᠳᠣᠪᠤᠶᠢᠯᠭᠠᠨ᠂ | ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠡᠷᠡᠰ ᠢᠯᠠᠯᠲᠠ ᠣᠯᠵᠤ᠂ ᠠᠵᠠ ᠲᠣᠬᠢᠶᠠᠯ ᠢ ᠠᠮᠵᠢᠨ | ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠥᠷᠭᠡᠳᠬᠡᠨ᠂ ᠣᠷᠣᠨ | ᠪᠦᠰᠡ ᠶᠢᠨ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠶ᠃ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠧᠨ ᠵᠢᠶᠠᠨ ᠵᠦᠩ᠂ ᠰᠢᠭᠤᠶᠢᠲᠣ | ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠴᠠᠭᠠᠶᠢᠯᠠᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠬᠤ᠂ ︽ᠠᠮᠢ | ᠠᠬᠤᠢ ᠶᠢᠨ ᠰᠣᠶᠣᠯ ᠵᠤᠭᠠᠴᠠᠯ ᠤᠨ ᠲᠣᠭᠤᠷᠢᠭ᠂ ᠠᠵᠤ ᠦᠢᠯᠡᠰ ᠣᠯᠠᠨ ᠡᠰᠢᠴᠢᠯᠡᠨ ᠣᠷᠣᠨ ᠢᠶᠠᠨ ᠮᠠᠨᠳᠤᠭᠤᠯᠬᠤ᠂ | ᠶᠠᠰᠤ ᠴᠢᠨᠠᠷ ᠦᠷ᠎ᠡ ᠠᠰᠢᠭ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠯᠲᠡ ᠶᠢ ᠲᠠᠷᠢᠬᠢ ᠲᠣᠯᠣᠭᠠᠶ ᠳᠠᠭᠠᠨ ᠦᠨᠳᠦᠰᠦᠯᠡᠭᠦᠯᠵᠦ᠂ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ | ᠬᠡᠷᠡᠭᠲᠡᠶ︔ ᠳᠦᠷᠢᠮ ᠤᠨ ᠤᠬᠠᠮᠰᠠᠷ ᠪᠣᠯᠤᠨ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ | ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠯᠡᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ᠂ ᠤᠴᠢᠷ | ᠶᠠᠪᠤᠳᠠᠯ ᠢ ᠰᠢᠢᠳᠪᠦᠷᠢᠯᠡᠬᠦ ᠳᠤ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠶᠢ ᠠᠬᠢᠭᠤᠯᠵᠤ᠂ ᠳᠦᠷᠢᠮ ᠤᠨ | ᠪᠠᠶᠢᠭᠤᠯᠣᠯᠲᠠ ᠪᠠᠷ ᠴᠢᠨᠠᠷ ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ︔ ᠺᠠᠳ᠋ᠷ ᠢ | ᠬᠥᠮᠦᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠳᠠᠪᠤᠷᠢᠲᠠᠨ ᠢ ᠢᠯᠡᠷᠡᠭᠦᠯᠬᠦ᠂ ᠬᠥᠮᠦᠵᠢᠭᠦᠯᠬᠦ | ᠪᠠ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ | ᠪᠦᠷᠢᠯᠳᠦᠭᠦᠯᠬᠦ ᠬᠡᠷᠡᠭᠲᠡᠶ᠃ | ᠰᠢᠭᠤᠶᠢᠲᠤ ᠲᠣᠭᠤᠷᠢᠭ ᠨᠢ ᠤᠯᠤᠰ ᠤᠨ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠪᠠᠨ | ᠬᠤᠪᠢᠷᠠᠭᠤᠯᠬᠤ ᠬᠤᠲᠠ ᠲᠣᠭᠤᠷᠢᠭ ᠪᠣᠯᠤᠭᠰᠠᠨ ᠤ ᠬᠤᠪᠢ ᠳᠤ᠂ ᠶᠠᠭ ᠳᠠᠪᠠᠭ᠎ᠠ ᠳᠠᠪᠠᠵᠤ ᠡᠷᠬᠢ ᠳᠠᠪᠠᠭ᠋ᠤ᠂ ᠴᠢᠨᠠᠷ | ᠰᠠᠶᠢᠲᠠᠶ ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠃ ᠴᠧᠨ ᠵᠢᠶᠠᠨ ᠵᠦᠩ᠂ | ᠨᠠᠷᠢᠨ ᠨᠢᠮᠪᠠᠶ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠨᠠᠷᠢᠨ ᠨᠢᠮᠪᠠᠶ ᠠᠷᠭ᠎ᠠ ᠪᠣᠳᠣᠯᠭ᠎ᠠ | ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠲᠡᠰ ᠳᠠᠪᠰᠢᠵᠤ᠂ ᠦᠷ᠎ᠡ ᠪᠦᠲᠦᠮᠵᠢ ᠣᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠢᠳᠪᠦᠷᠢᠲᠦ ᠳᠠᠶᠢᠨ ᠬᠢᠵᠦ ᠰᠢᠢᠳᠪᠦᠷᠢᠲᠦ ᠢᠯᠠᠯᠲᠠ ᠣᠯᠬᠤ ᠶᠢ ᠦᠨᠡᠨ ᠬᠦ ᠪᠠᠲᠤᠯᠠᠨ᠎ᠠ᠃ ᠤᠷᠲᠤ | ᠬᠤᠭᠤᠴᠠᠭ᠎ᠠ ᠪᠠᠷ ᠲᠣᠭᠲᠠᠭᠤᠨ ᠪᠥᠭᠡᠳ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠵᠦ ᠬᠠᠪᠰᠤᠷᠤᠨ | ᠲᠡᠳᠬᠦᠬᠦ ᠲᠣᠭᠲᠠᠴᠠ ᠶᠢ ᠪᠠᠶᠢᠭᠤᠯᠵᠣ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠰᠠᠶᠢᠲᠤᠷ | ᠠᠳᠬᠤᠵᠤ᠂ ᠭᠠᠴᠠᠭ᠎ᠠ ᠲᠣᠰᠬᠤᠨ ᠤ ᠲᠣᠰ ᠪᠡᠶ᠎ᠡ ᠶᠢᠨ ᠬᠠᠩᠭᠠᠯᠭ᠎ᠠ ᠶᠢᠨ ᠪᠢᠴᠢᠯ ᠡᠷᠭᠢᠯᠲᠡ ᠶᠢ ᠨᠡᠪᠲᠡᠷᠡᠭᠦᠯᠦᠨ᠎ᠡ︔ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠵᠡᠯ ᠰᠠᠨᠠᠭᠠᠨ ᠤ ᠬᠤᠪᠢᠷᠠᠯᠲᠠ ᠶᠢ ᠨᠠᠩ ᠳᠣᠪᠣᠶᠢᠮ᠎ᠠ ᠪᠠᠢᠷᠢᠨ ᠳᠤ | ᠲᠠᠯᠪᠢᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠣ | ᠂ ᠶᠠᠳᠠᠭᠤ ᠶᠢ ᠲᠡᠳᠬᠦᠬᠦ ᠪᠠ ᠣᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠵᠤ᠂ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ ᠠᠵᠤ ᠠᠬᠤᠶᠢᠯᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠠᠭᠤᠷᠬᠠᠢ ᠶᠢᠨ ᠬᠤᠳᠳᠤᠭ ᠢ ᠰᠡᠷᠭᠦᠭᠡᠨ ᠵᠠᠰᠠᠬᠤ ᠶᠢ ᠴᠢᠩᠭᠠᠳᠬᠠᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠭᠤᠰᠬᠠᠬᠤ ᠠᠬᠢᠴᠠ ᠶᠢ ᠲᠦᠷᠭᠡᠳᠬᠡᠵᠦ᠂ ᠥᠨᠳᠥᠷ | ᠪᠠᠷᠢᠮᠵᠢᠶ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ ᠴᠣᠭᠴᠠᠲᠤ ᠠᠬᠢᠴᠠ ᠶᠢ ᠲᠦᠯᠬᠢᠨ ᠠᠬᠢᠭᠤᠯᠵᠤ᠂ ᠠᠯᠪᠠᠨ | ᠵᠠᠷᠤᠳᠠᠯ ᠤᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡᠪᠡᠷ ᠵᠠᠰᠠᠵᠤ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠥᠨᠳᠥᠷ ᠬᠢᠷᠢ ᠬᠡᠮᠵᠢᠶ᠎ᠡ ᠪᠠᠷ ᠰᠡᠷᠭᠡᠶᠢᠯᠡᠨ ᠠᠷᠢᠯᠭᠠᠨ᠎ᠠ᠃ | ᠬᠡᠮᠵᠢᠶ᠎ᠡ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠪᠣᠯᠣᠳ ᠲᠡᠮᠦᠷ᠂ | ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠤ ᠶᠢ ᠠᠬᠢᠭᠤᠯᠵᠤ᠂ ᠥᠪᠥᠷ | ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠠᠷᠠᠯᠵᠢᠶᠠᠨ ᠤ ᠲᠥᠪ ᠤᠨ ᠡᠷᠦᠬᠡ ᠠᠮᠠ ᠣᠷᠣᠬᠤ ᠶᠢ | ᠲᠦᠷᠭᠡᠳᠬᠡᠵᠦ᠂ ᠬᠤᠸᠠ ᠸᠧᠶ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ ᠡᠭᠦᠯᠡᠨ ᠪᠣᠳᠣᠯᠲᠠ ᠶᠢᠨ ᠲᠥᠪ᠂ | ᠠᠵᠤ ᠦᠢᠯᠡᠳᠪᠦᠷᠢ ᠶᠢᠨ ᠢᠨᠲᠧᠷ ᠰᠦᠯᠵᠢᠶᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠨᠡᠭᠦᠷᠡᠰᠦᠨ ᠳᠠᠪᠬᠤᠷᠭ᠎ᠠ ᠶᠢᠨ ᠬᠡᠢ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠳᠣᠤᠷ᠎ᠠ | ᠨᠡᠭᠦᠷᠡᠰᠦᠲᠥ᠋ᠷᠥᠭᠴᠢᠲᠦ ᠡᠷᠬᠢᠯᠳᠡᠳᠦ ᠠᠵᠤ ᠠᠬᠤᠢ ᠶᠢᠨ ᠰᠢᠰᠲ᠋ᠧᠮ ᠢ ᠪᠠᠶᠢᠭᠤᠯᠣᠨ᠎ᠠ︔ ᠤᠯᠤᠰ ᠠᠴᠠ ᠪᠥᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ︽ | ᠵᠢᠭᠤᠯᠴᠢᠯᠠᠯ + ᠡᠷᠡᠭᠦᠯᠵᠢᠯ ᠰᠤᠪᠢᠯᠠᠯᠲᠠ︾ ︽ᠵᠢᠭᠤᠯᠴᠢᠯᠠᠯ + ᠰᠣᠶᠣᠯ︾ ᠵᠡᠷᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠤᠢ ᠪᠣᠯᠭᠠᠨ᠎ᠠ︔ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠲᠥᠷᠥᠯ ᠵᠦᠢᠯ ᠢ ᠰᠠᠶᠢᠲᠤᠷ | ᠬᠥᠭᠵᠢᠭᠦᠯᠵᠦ᠂ ᠣᠶᠤᠨᠴᠢ ᠬᠦᠯᠡᠮᠵᠢ ᠶᠢᠨ ᠥᠨᠳᠥᠷ ᠦᠷ᠎ᠡ ᠠᠰᠢᠭᠲᠤ ᠲᠥᠬᠦᠭᠡᠷᠦᠮᠵᠢᠲᠦ ᠲᠠᠷᠢᠶᠠᠯᠠᠩ ᠪᠠ ᠮᠢᠬᠠᠨ | ᠢᠳᠡᠭᠡᠨ ᠪᠣᠯᠪᠠᠰᠤᠷᠠᠭᠤᠯᠬᠤ ᠠᠵᠤ ᠦᠢᠯᠡᠰ ᠢ ᠠᠬᠢᠭᠤᠯᠵᠤ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠠᠵᠤ | ᠠᠬᠤᠢ ᠶᠢ ᠰᠦᠪᠡᠭᠴᠢᠯᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠲᠠᠯᠪᠢᠬᠤ᠂ ᠬᠠᠮᠢᠶᠠᠷᠠᠬᠤ᠂ ᠦᠢᠯᠡᠴᠢᠯᠡᠬᠦ︾ ᠤᠨ | ᠥᠭᠡᠷᠡᠴᠢᠯᠡᠯᠲᠡ ᠲᠠᠢ ᠤᠶᠠᠯᠳᠤᠭᠤᠯᠤᠨ᠂ ᠬᠦᠯᠦᠰᠦᠯᠡᠭᠰᠡᠨ ᠠᠵᠤ ᠠᠬᠤᠶᠢᠯᠠᠯ ᠤᠨ ᠠᠵᠤ ᠠᠬᠤᠶᠢᠯᠠᠯᠲᠠᠨ ᠲᠠᠢ | ᠬᠠᠷᠢᠯᠴᠠᠬᠤ ᠳᠦᠷᠢᠮ ᠢ ᠪᠦᠷᠢᠨᠰᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠢ ᠨᠡᠭᠡᠭᠡᠨ ᠡᠷᠬᠢᠯᠡᠵᠦ᠂ | ᠲᠥᠷᠥᠯ ᠵᠦᠢᠯ ᠤᠨ ᠭᠠᠷᠳᠠᠮ ᠢ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠭᠡᠬᠦ ᠶᠢ ᠠᠬᠢᠭᠤᠯᠵᠤ᠂ ᠠᠵᠤ | ᠠᠬᠤᠶᠢᠯᠠᠯ ᠤᠨ ᠲᠠᠨᠢᠯ ᠪᠤᠰᠤ ᠥᠪᠡᠷ ᠤᠨ ᠥᠷᠲᠡᠭ ᠪᠠ ᠬᠥᠭᠵᠢᠯᠲᠡ ᠶᠢᠨ ᠳᠠᠯᠳᠠ ᠪᠠᠬᠢᠯᠡᠯᠲᠡ ᠶᠢ ᠬᠠᠮᠤᠭ ᠤᠨ | ᠶᠡᠭᠡ ᠬᠡᠮᠵᠢᠶ᠎ᠡ ᠪᠠᠷ ᠠᠷᠢᠯᠭᠠᠨ᠎ᠠ︔ ᠬᠦᠷᠢᠶᠡᠯᠡᠩ ᠲᠣᠭᠤᠷᠢᠭ ᠲᠤ ᠴᠠᠬᠢᠯᠭᠠᠨ ᠲᠦᠭᠡᠭᠡᠨ ᠬᠤᠳᠠᠯᠳᠤᠬᠤ᠂ ᠬᠤᠲᠠ | ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ᠂ ᠲᠣᠭᠠᠴᠢᠯᠠᠭᠰᠠᠨ ᠵᠠᠰᠠᠭ ᠤᠨ | ᠣᠷᠳᠣᠨ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠠᠵᠤ ᠠᠬᠤᠢ ᠶᠢᠨ | ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠳᠣᠲᠣᠭᠠᠳᠤ ᠭᠠᠳᠠᠭᠠᠳᠤ ᠣᠷᠴᠢᠯ ᠢ ᠰᠠᠭᠠᠳ ᠦᠭᠡᠢ | ᠨᠡᠪᠲᠡᠷᠡᠭᠦᠯᠵᠦ᠂ ᠲᠥᠷᠥᠯ ᠵᠦᠢᠯ ᠢ ᠲᠥᠰᠦᠪᠯᠡᠬᠦ᠂ ᠨᠥᠭᠡᠴᠡᠯᠡᠬᠦ᠂ ᠣᠷᠣᠭᠤᠯᠤᠨ ᠠᠪᠴᠢᠷᠠᠬᠤ᠂ ᠪᠦᠲᠦᠭᠡᠨ | ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠤᠲᠠ ᠶᠢᠨ ᠳᠠᠷᠤᠭ᠎ᠠ ᠬᠤᠰᠢᠭᠤ ᠰᠢᠶᠠᠨ ᠤ ᠳᠠᠷᠤᠭ᠎ᠠ︾ ᠤ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ︔ ᠰᠤᠯᠠ | ᠪᠠᠶᠢᠭ᠎ᠠ ᠭᠠᠵᠠᠷ ᠰᠢᠷᠣᠢ ᠶᠢ ᠲᠦᠷᠭᠡᠳᠬᠡᠨ ᠰᠢᠢᠳᠪᠦᠷᠢᠯᠡᠵᠦ᠂ ︽ᠦᠬᠦᠰᠢᠷᠡᠮᠡᠯ ᠠᠵᠤ ᠠᠬᠤᠶᠢᠯᠠᠯ︾ ᠢ | ᠢᠯᠭᠠᠷᠠᠭᠤᠯᠵᠤ᠂ ᠬᠦᠷᠢᠶᠡᠯᠡᠩ ᠲᠣᠭᠤᠷᠢᠭ ᠤᠨ ᠬᠥᠨᠳᠡᠶᠢᠷᠡᠭᠦᠯᠬᠦ᠂ ᠡᠬᠢ ᠪᠠᠶᠠᠯᠢᠭ ᠢ ᠰᠤᠯᠠ ᠲᠠᠯᠪᠢᠬᠤ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠲᠡᠮᠵᠢ ᠶᠢᠨ | ᠲᠥᠷᠥᠭᠳᠡᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠣᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ | ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ | ᠨᠢᠭᠡᠳᠦᠯᠲᠡᠢ ᠳᠤ ᠲᠥᠯᠥᠪᠯᠡᠨ ᠰᠠᠶᠢᠲᠤᠷ ᠰᠢᠢᠳᠪᠦᠷᠢᠯᠡᠵᠦ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠨ᠂ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ | ᠣᠯᠵᠤ ᠦᠢᠯᠡᠰ ᠪᠦᠲᠦᠭᠡᠬᠦ ᠶᠢ ᠰᠠᠶᠢᠲᠤᠷ ᠠᠳᠬᠤᠵᠤ᠂ ᠰᠦ ᠮᠧᠩ ᠲᠤᠷᠰᠢᠯᠲᠠ ᠶᠢᠨ ᠰᠤᠷᠭᠠᠭᠤᠯᠢ ᠶᠢᠨ | ᠰᠤᠷᠭᠠᠭᠤᠯᠢ ᠡᠷᠬᠢᠯᠡᠭᠰᠡᠨ ᠲᠤᠷᠰᠢᠯᠭ᠎ᠠ ᠶᠢ ᠠᠰᠢᠭᠯᠠ ᠰᠤᠷᠭᠠᠨ ᠬᠥᠮᠦᠵᠢᠯ ᠤᠨ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠤᠨ ᠡᠬᠡ ᠨᠢᠯᠬᠠᠰ ᠤᠨ ᠡᠷᠡᠭᠡᠯᠵᠡᠯ ᠤᠨ ᠵᠠᠰᠠᠯ | ᠴᠢᠮᠡᠭᠯᠡᠯ ᠤᠨ ᠬᠡᠷᠡᠭᠯᠡᠯᠲᠡ ᠶᠢ ᠲᠦᠷᠭᠡᠳᠬᠡᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠰᠢᠭᠤᠶᠢᠲᠣ ᠰᠢᠨ᠎ᠡ ᠲᠣᠭᠤᠷᠢᠭ ᠤᠨ ᠬᠤᠲᠠ ᠶᠢᠨ ᠲᠣᠭᠤᠷᠢᠭ ᠲᠤ ᠲᠦᠷᠭᠡᠨ | ᠠᠭᠤᠰᠤᠯᠴᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ | ᠣᠷᠣᠰᠢᠨ ᠰᠠᠭᠤᠬᠤ ᠳᠤ ᠲᠣᠬᠢᠷᠠᠬᠤ ᠦᠭᠡᠢ ᠠᠶᠢᠯ ᠲᠣᠰᠬᠤᠨ ᠢ ᠨᠡᠭᠦᠯᠭᠡᠨ ᠥᠭᠡᠷᠡᠴᠢᠯᠡᠬᠦ ᠶᠢ ᠲᠦᠷᠭᠡᠳᠬᠡᠵᠦ᠂ ︽ | ᠭᠤᠷᠪᠠᠨ ᠲᠠᠷᠢᠶ᠎ᠠ ᠭᠤᠷᠪᠠᠨ ᠮᠠᠯᠵᠢᠬᠤ︾ ᠤ ᠳᠤᠲᠠᠭᠤᠳᠠᠯ ᠢ ᠨᠥᠬᠦᠪᠥᠷᠢᠯᠡᠨ᠎ᠡ᠃ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠰᠠᠭᠤᠷᠢᠲᠣ ᠴᠢᠨᠠᠷᠲᠠᠶ᠂ ᠬᠤᠷᠢᠭ᠎ᠠ ᠱᠤᠭᠤᠮ ᠢ ᠰᠠᠬᠢᠬᠤ ᠠᠷᠠᠳ ᠤᠨ ᠠᠮᠢᠳᠤᠷᠠᠯ ᠤᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠪᠡ ᠲᠡᠭᠦᠰ ᠠᠮᠵᠢᠯᠲᠠ ᠲᠠᠢ | ᠲᠡᠭᠦᠰᠬᠦ ᠶᠢ ᠪᠠᠲᠤᠯᠠᠨ᠎ᠠ᠃ |