ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰᠬᠦ ᠵᠢᠯ ᠪᠣᠯᠤᠨ᠎ᠠ᠂ | ᠶᠡᠷᠦᠩᠬᠡᠶ ᠱᠦᠵᠢ ᠰᠢ ᠶᠢᠨ ᠫᠢᠩ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠠᠶ᠂ ᠨᠠᠮ ᠣᠯᠠᠨ ᠲᠦᠮᠡᠨ ᠺᠠᠳ᠋ᠷ ᠣᠯᠠᠨ ᠲᠦᠮᠡᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠤᠭᠤᠲᠤ ᠬᠤᠳᠠ ᠶᠢᠨ ᠰᠢᠭᠤᠶᠢᠲᠤ ᠲᠤᠭᠤᠷᠢᠭ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠮᠡᠳᠡᠭᠳᠡᠯ ᠢ ᠦᠨᠳᠦᠰᠦᠯᠡᠨ᠂ ᠰᠢᠭᠤᠶᠢᠲᠤ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ︽ᠬᠤᠣᠰ | ᠦᠢᠯᠡᠴᠢᠯᠡᠭᠡ᠂ ᠬᠤᠶᠠᠷ ᠢ ᠲᠠᠨᠢᠵᠤ ᠠᠪᠬᠤ︾ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠪᠡ᠃ | | | | | ᠮᠠᠨ ᠤ ᠲᠣᠪᠴᠢᠶ᠎ᠠ 2020 ᠤᠨ ᠤ 10 ᠰᠠᠷ᠎ᠠ ᠶᠢᠨ 16 ᠤ ᠡᠳᠦᠷ ᠨᠠᠮ ᠤᠨ ᠭᠡᠰᠢᠭᠦᠨ ᠺᠠᠳ᠋ᠷ ᠢ | ᠵᠣᠬᠢᠶᠠᠨ ᠪᠠᠶᠢᠭᠤᠯᠤᠨ ᠪᠠᠶ ᠬᠤ ᠭᠧᠦ ᠵᠡᠭᠡᠯᠢ ᠭᠤᠳᠤᠮᠵᠢ ᠪᠣᠯᠤᠨ ᠪᠠᠳᠺᠡᠷ ᠵᠤᠤ ᠲᠣᠰᠬᠤᠨ ᠤ ᠠᠷᠠᠳ ᠤᠨ | ᠵᠥᠪᠯᠡᠯ ᠤᠨ ᠣᠯᠠᠨ ᠲᠦᠮᠡᠨ ᠤ ᠭᠡᠷ ᠲᠠᠢ ᠬᠤᠯᠪᠣᠭᠠᠯᠠᠨ ︽ᠣᠯᠠᠨ ᠲᠠᠢ ᠨᠢᠭᠡ ᠲᠠᠢ ᠬᠠᠷᠢᠴᠠᠭᠤᠯᠬᠤ︾ ᠪᠤᠶᠤ ︽ | ᠨᠢᠭᠡ ᠲᠠᠢ ᠬᠠᠷᠢᠴᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠣᠯᠠᠨ | ᠲᠦᠮᠡᠨ ᠤ ᠪᠣᠳᠠᠲᠠᠶ ᠪᠥᠭᠡᠳ ᠪᠡᠶᠡᠯᠡᠭᠦᠯᠬᠦ ᠳᠤ ᠬᠢᠯᠪᠠᠷ ᠥᠴᠦᠬᠡᠨ ᠬᠦᠰᠡᠯ ᠢ ᠤᠶᠢᠯᠠᠭᠠᠵᠦ᠂ ᠪᠣᠳᠠᠲᠠᠶ ᠬᠡᠷᠡᠭᠴᠡᠭᠡ ᠶᠢ | ᠣᠶᠢᠯᠭᠠᠨ᠎ᠠ᠃ ᠪᠣᠳᠠᠲᠤ ᠬᠦᠴᠢᠷᠳᠡᠯ ᠵᠡᠷᠭᠡ ᠠᠰᠠᠭᠤᠳᠠᠯ ᠢ ᠡᠳ᠋ ᠪᠣᠳᠠᠰ ᠢᠶᠠᠷ ᠬᠠᠪᠰᠤᠷᠴᠤ᠂ ᠦᠨᠳᠦᠰᠦᠨ | ᠱᠠᠲᠤᠨ ᠤ ᠣᠯᠠᠨ ᠲᠦᠮᠡᠨ ᠤ ᠵᠠᠷᠢᠮ ᠰᠠᠶᠢᠨ ᠶᠠᠪᠤᠳᠠᠯ ᠪᠣᠳᠠᠲᠠᠶ ᠶᠠᠪᠤᠳᠠᠯ ᠬᠦᠴᠢᠷ ᠶᠠᠪᠤᠳᠠᠯ ᠢ ᠦᠨᠡᠨᠬᠦ | ᠰᠢᠢᠳᠪᠦᠷᠢᠯᠡᠵᠦ ᠥᠭᠴᠦ᠂ ᠦᠨᠳᠦᠰᠦᠨ ᠱᠠᠲᠤᠨ ᠤ ᠣᠯᠠᠨ ᠲᠦᠮᠡᠨ ᠢ ᠬᠠᠯᠠᠮᠵᠢᠯᠠᠬᠤ ᠡᠷᠴᠢᠮ ᠢᠶᠠᠨ ᠦᠨᠡᠨᠬᠦ ᠴᠢᠩ | ᠭᠠᠷᠠᠭᠤᠯᠵᠠᠶ᠃ ᠣᠯᠠᠨ ᠲᠦᠮᠡᠨ ᠳᠤ ᠦᠢᠯᠴᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠠᠵᠠᠷ᠂ ᠣᠯᠠᠨ | ᠲᠦᠮᠡᠨ ᠢ ᠬᠠᠪᠰᠤᠷᠤᠨ ᠲᠡᠳᠬᠦᠬᠦ ᠳᠤ 3 ᠬᠤᠪᠢ ᠪᠢᠴᠢᠯ ᠬᠦᠰᠡᠯ ᠤᠨ ᠡᠳ᠋ ᠪᠣᠳᠠᠰ ᠬᠠᠨᠳᠢᠪᠯᠠᠪᠠ᠃ | | | | | ᠲᠠᠨᠢᠵᠤ ᠠᠪᠬᠤ ᠬᠦᠰᠡᠯ ᠡᠷᠡᠮᠡᠯᠵᠡᠯ ᠨᠢ ᠲᠤᠩ ᠪᠠᠭ᠎ᠠ ᠪᠣᠯᠪᠠᠴᠤ ᠨᠠᠮ ᠤᠨ ᠭᠡᠰᠢᠭᠦᠨ ᠤ ᠦᠢᠯᠡᠴᠢᠯᠡᠭᠡ ᠳᠤ | ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠢᠯᠡᠷᠡᠭᠦᠯᠵᠡᠢ᠃ ᠪᠠᠭ᠎ᠠ ᠬᠠᠶᠢᠷ᠎ᠠ ᠶᠢ ᠨᠡᠶᠢᠯᠡᠯᠳᠦᠭᠦᠯᠵᠦ ᠶᠡᠭᠡ | ᠬᠠᠶᠢᠷ᠎ᠠ ᠶᠢ ᠪᠤᠢ ᠪᠣᠯᠭᠠᠵᠤ᠂ ᠪᠢᠴᠢᠯ ᠬᠦᠰᠡᠯ ᠢ ᠨᠡᠶᠢᠯᠡᠯᠳᠦᠭᠦᠯᠵᠦ ᠶᠡᠭᠡ ᠬᠦᠰᠡᠯ ᠵᠡᠭᠦᠳᠦ ᠪᠣᠯᠭᠠᠵᠤ᠂ ᠨᠠᠮ ᠤᠨ | ᠭᠡᠰᠢᠭᠦᠳ ᠥᠪᠡᠷ ᠤᠨ ᠥᠴᠦᠬᠡᠨ ᠬᠦᠴᠦ ᠪᠠᠨ ᠰᠢᠪᠬᠠᠨ ᠬᠠᠪᠰᠤᠷᠤᠯᠴᠠ ᠬᠠᠪᠰᠤᠷᠤᠨ ᠲᠡᠳᠬᠦᠪᠡ᠃ ︽ᠬᠤᠶᠠᠷ | ᠦᠢᠯᠡᠴᠢᠯᠡᠭᠡ ᠪᠠ ᠬᠤᠶᠠᠷ ᠢ ᠲᠠᠨᠢᠵᠤ ᠠᠪᠬᠤ︾ ᠠᠵᠢᠯᠯᠠᠭ᠎ᠠ ᠶᠢᠨ ᠡᠯ᠎ᠡ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠠᠷᠠᠳ ᠤᠨ ᠪᠠᠶᠢᠳᠠᠯ ᠢ ᠪᠠᠶᠢᠴᠠᠭᠠᠵᠤ᠂ ᠠᠷᠠᠳ ᠤᠨ ᠬᠦᠴᠢᠷᠳᠡᠯ ᠢ | ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠭᠠᠷ ᠬᠤᠯᠪᠣᠨ ᠬᠠᠮᠲᠤᠪᠠᠷ | ᠪᠠᠶᠢᠭᠤᠯᠤᠨ᠎ᠠ᠃ |