ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠴᠢᠮ᠎ᠠ ᠶᠢ ᠨᠢᠭᠤᠴᠠ ᠰᠢᠭᠤᠶᠢᠲᠤ ᠲᠣᠭᠤᠷᠢᠭ ᠤᠨ ᠬᠠᠭᠤᠴᠢᠨ ᠲᠣᠭᠤᠷᠢᠭ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠪᠴᠢᠷᠠᠵᠠᠶ
ᠨᠡᠶᠢᠲᠡᠯᠡᠭᠰᠡᠨ ᠴᠠᠭ᠄
2020/11/17
       ᠲᠦᠷᠦᠭᠦᠬᠡᠨ᠂ ᠰᠢᠭᠤᠶᠢᠲᠤ ᠲᠣᠭᠤᠷᠢᠭ ᠤᠨ ᠬᠠᠭᠤᠴᠢᠨ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠ ᠡᠯ᠎ᠡ ᠵᠦᠢᠯ ᠤᠨ ᠠᠵᠢᠯ  ᠦᠢᠯᠡᠰ ᠤᠨ ᠲᠠᠰ ᠳᠡᠪᠰᠢᠭᠰᠡᠨ ᠠᠵᠢᠯ ᠤᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠲᠣᠭᠤᠷᠢᠭ ᠤᠨ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃
       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠱᠢ ᠭᠤᠸᠠᠶ ᠵᠡᠭᠡᠯᠢ ᠭᠤᠳᠤᠮᠵᠢ᠂ ᠳ᠋ᠠ ᠵᠧᠨ ᠵᠡᠭᠡᠯᠢ ᠭᠤᠳᠤᠮᠵᠢ᠂ ᠪᠠᠶ ᠬᠤ ᠭᠸᠦ ᠵᠡᠭᠡᠯᠢ ᠭᠤᠳᠤᠮᠵᠢ ᠶᠢᠨ ᠰᠣᠨᠢᠨ ᠮᠡᠳᠡᠭᠡᠨ ᠤ ᠥᠭᠦᠯᠡᠭᠴᠢ ᠡᠯ᠎ᠡ ᠬᠠᠷᠢᠶ᠎ᠠ ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠ ᠡᠯ᠎ᠡ ᠵᠦᠢᠯ ᠤᠨ ᠠᠵᠢᠯ ᠦᠢᠯᠡᠰ ᠤᠨ ᠲᠠᠰ ᠳᠡᠪᠰᠢᠭᠰᠡᠨ ᠠᠵᠢᠯ ᠤᠨ ᠪᠠᠶᠢᠳᠠᠯ ᠤᠨ ᠲᠤᠬᠠᠶ ᠲᠣᠰ ᠲᠣᠰ ᠰᠣᠨᠢᠨ ᠮᠡᠳᠡᠭᠡ ᠨᠡᠶᠢᠲᠡᠯᠡᠬᠦ ᠶᠢᠨ ᠬᠠᠮᠲᠤ ᠵᠡᠭᠡᠯᠢ ᠭᠤᠳᠤᠮᠵᠢ ᠶᠢᠨ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ᠂ ᠠᠮᠢᠳᠤᠷᠠᠯ ᠨᠢ ᠬᠦᠴᠢᠷᠳᠡᠯᠲᠡᠶ ᠬᠥᠮᠦᠰ ᠲᠤ ᠦᠢᠯᠡᠴᠢᠯᠡᠬᠦ᠂ ᠰᠠᠭᠤᠷᠢ ᠪᠡᠯᠡᠳᠬᠡᠮᠵᠢ ᠶᠢᠨ ᠬᠠᠭᠤᠴᠢᠷᠠᠭᠰᠠᠨ ᠠᠰᠠᠭᠤᠳᠠᠯ ᠢ ᠰᠠᠶᠢᠵᠢᠷᠠᠭᠤᠯᠬᠤ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠳᠠᠯ ᠢ ᠬᠠᠷᠢᠭᠤᠯᠪᠠ᠃        ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ ᠶᠢᠨ ᠤᠷᠤᠢ ᠶᠢᠨ ᠰᠣᠨᠢᠨ ᠮᠡᠳᠡᠭᠡ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ᠂ ᠶᠦᠨ ᠱᠠᠩ ᠰᠢᠭᠤᠶᠢᠲᠤ᠂ ᠰᠢᠭᠤᠶᠢᠲᠤ ᠰᠣᠨᠢᠨ ᠮᠡᠳᠡᠭᠡ ᠵᠡᠷᠭᠡ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃        ᠡᠨᠡ ᠵᠢᠯ ᠠᠴᠠ ᠨᠠᠰᠢ᠂ ᠰᠢᠭᠤᠶᠢᠲᠤ ᠣᠷᠣᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠭᠤᠴᠢᠨ ᠬᠤᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠪᠠᠷᠢᠯ ᠢᠶᠠᠨ ᠰᠢᠨᠡᠴᠢᠯᠡᠵᠦ ᠬᠠᠭᠤᠴᠢᠨ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠢ  ᠪᠠᠲᠤᠯᠠᠨ ᠰᠠᠶᠢᠵᠢᠷᠠᠭᠤᠯᠬᠤ ᠪᠠ ᠡᠯ᠎ᠡ ᠲᠥᠷᠥᠯ ᠤᠨ ᠠᠵᠢᠯ ᠦᠢᠯᠡᠰ ᠢ ᠳᠡᠰ ᠳᠡᠪᠰᠢᠭᠦᠯᠬᠦ ᠠᠵᠢᠯ ᠢ ᠠᠬᠢᠭᠤᠯᠵᠠᠶ᠃ ᠬᠠᠷᠢᠶᠠᠲᠤ ᠣᠷᠣᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠯ ᠵᠢᠷᠭᠠᠯ ᠤᠨ ᠰᠠᠭᠤᠷᠢ ᠶᠢ ᠨᠠᠩ ᠪᠠᠲᠤ ᠪᠠᠬᠢ ᠪᠣᠯᠭᠠᠨ᠎ᠠ᠃
       ᠰᠢᠭᠤᠶᠢᠲᠤ ᠵᠡᠭᠡᠯᠢ ᠭᠤᠳᠤᠮᠵᠢ ᠨᠢ ᠨᠠᠮ ᠤᠨ ᠪᠠᠶᠢᠭᠤᠯᠤᠯᠲᠠ ᠪᠣᠯᠤᠨ ᠦᠢᠯᠡᠴᠢᠯᠡᠭᠡ ᠶᠢ ᠨᠢᠭᠲᠠ ᠠᠭᠤᠰᠤᠯᠴᠠᠭᠤᠯᠵᠤ᠂ ᠤᠯᠠᠨ ᠲᠦᠮᠡᠨ ᠢ ᠨᠡᠶᠢᠭᠡᠮ ᠲᠣᠭᠤᠷᠢᠭ ᠲᠤ ᠨᠡᠩ ᠳᠥᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠠᠮᠢᠳᠤᠷᠠᠭᠤᠯᠤᠨ᠎ᠠ᠃ ᠠᠷᠠᠳ ᠤᠨ ᠠᠮᠢᠳᠤᠷᠠᠯ ᠤᠨ ᠦᠢᠯᠡᠰ ᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
       ᠳ᠋ᠠ ᠵᠧᠨ ᠵᠡᠭᠡᠯᠢ ᠭᠤᠳᠤᠮᠵᠢ ᠨᠠᠮ ᠤᠨ ᠪᠠᠶᠢᠭᠤᠯᠤᠯᠲᠠ ᠠᠴᠠ ᠡᠯ᠎ᠡ ᠵᠦᠢᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠬᠦᠳᠦᠯᠦᠨ ᠳᠠᠭᠠᠭᠤᠯᠵᠤ᠂ ᠨᠡᠩ ᠤᠯᠠᠨ ᠠᠰᠢᠭ ᠲᠤᠰᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ᠃ ᠰᠢᠨ᠎ᠡ ᠲᠢᠲᠢᠮ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠠᠵᠢᠯ ᠤᠨ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠶᠢᠨ ᠬᠠᠮᠲᠤ 3 ᠪᠠᠶᠢᠯᠳᠤᠬᠤ ᠠᠩᠭᠢ ᠬᠤᠪᠢᠶᠠᠵᠤ᠂ ᠡᠳᠦᠷ ᠪᠦᠷᠢ ᠢᠭᠡ ᠤᠳᠠᠭ᠎ᠠ ᠬᠡᠪᠢᠰᠯᠡᠨ ᠪᠠᠶᠢᠴᠠᠭᠠᠨ᠎ᠠ᠃ ᠦᠷᠭᠦᠯᠵᠢᠯᠡᠨ ᠤᠬᠠᠭᠤᠯᠭ᠎ᠠ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃
       ᠪᠠᠶ ᠬᠤ ᠭᠸᠦ ᠵᠡᠭᠡᠯᠢ ᠭᠤᠳᠤᠮᠵᠢ ᠨᠢ ᠠᠵᠢᠯ ᠢᠶᠠᠨ ᠠᠷᠠᠳ ᠤᠨ ᠰᠡᠳᠬᠢᠯ ᠳᠤ ᠨᠡᠶᠢᠴᠡᠭᠦᠯᠵᠦ᠂ ᠠᠷᠠᠳ ᠤᠨ ᠰᠠᠨᠠᠭ᠎ᠠ ᠶᠢ ᠤᠯᠬᠤ ᠶᠢ ᠲᠠᠰᠤᠷᠠᠯᠲᠠ ᠦᠭᠡᠶ ᠳᠥᠯᠭᠢᠨ ᠠᠬᠢᠭᠤᠯᠪᠠ᠃ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠡᠩ ᠲᠡᠷᠢᠭᠦᠨ ᠳᠤ ᠪᠦᠬᠦ ᠣᠷᠣᠨ ᠳᠤ 24 ᠴᠠᠭ ᠤᠨ ᠵᠢᠵᠢᠭᠦᠷᠯᠡᠨ ᠰᠠᠬᠢᠬᠤ ᠥᠷᠲᠡᠭᠡ ᠴᠢᠭ ᠪᠠᠶᠢᠭᠤᠯᠵᠤ᠂ ᠲᠣᠣᠷᠵᠢᠭᠤᠯ ᠤᠭᠰᠠᠨ ᠬᠠᠮᠢᠶᠠᠷᠤᠯᠲᠠ ᠶᠣᠰᠣᠭᠠᠷ᠂ ᠡᠳᠦᠷ ᠪᠦᠷᠢ ᠡᠷᠦᠬᠡ ᠳᠤ ᠣᠷᠣᠵᠤ ᠭᠠᠳᠠᠨ᠎ᠠ ᠠᠴᠠ ᠢᠷᠡᠭᠰᠡᠨ ᠬᠥᠮᠦᠰ ᠢ ᠪᠠᠶᠢᠴᠠᠭᠠᠵᠤ᠂ ᠬᠠᠷᠢᠶ᠎ᠠ ᠣᠷᠣᠨ ᠤ 14 ᠨᠡᠭᠦᠷᠡᠰᠦ ᠤᠬᠢᠶᠠᠬᠤ ᠠᠵᠤ ᠠᠬᠤᠶᠢᠯᠠᠯ ᠪᠠ 2 ᠵᠠᠳᠠᠭᠠᠶ ᠨᠡᠭᠦᠷᠡᠰᠦᠨ ᠠᠭᠤᠷᠬᠠᠶ ᠶᠢᠨ ᠬᠠᠷᠢᠭᠤᠴᠠᠯᠭᠠᠳᠠᠨ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠠᠮᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠰᠡᠷᠭᠡᠶᠢᠯᠡᠬᠦ᠂ ᠠᠵᠢᠯ ᠰᠡᠷᠭᠦᠭᠡᠬᠦ ᠬᠤᠶᠠᠷ ᠢ ᠰᠠᠭᠠᠲᠠᠭᠠᠬᠤ ᠦᠭᠡᠶ ᠪᠠᠶᠢᠬᠤ ᠶᠢ ᠪᠡᠶᠡᠯᠡᠭᠦᠯᠵᠡᠶ᠃ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号