ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠢ ᠤᠭᠲᠤᠵᠤ ᠰᠢᠭᠤᠶᠢᠲᠤ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/11/20
       2020 ᠣᠨ ᠤ 11 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ ᠰᠦ ᠮᠢᠩ ᠰᠢ ᠨᠡᠷ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠤ ᠭᠦᠨᠵᠡᠭᠡᠶᠢᠷᠡᠨ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠤ ᠪᠥᠲᠥᠭᠡᠨ ᠪᠠᠶᠢᠭᠤᠯᠤᠯᠲᠠ ᠵᠢᠴᠢ ᠰᠦᠯᠵᠢᠶᠡ ᠤ ᠠᠮᠤᠷ ᠲᠦᠪᠰᠢᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠬᠠᠰ᠂ ᠲᠣᠭᠤᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠪᠥᠸᠧ ᠢᠦᠶ ᠹᠸᠢ  ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
       ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶᠠᠨ ᠤ ᠳᠠᠷᠤᠭ᠎ᠠ ᠳ᠋ᠦᠩ ᠱᠣ᠋ ᠰᠢᠶᠦ᠋ᠩ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠵᠠᠰᠠᠭ ᠤᠨ ᠶᠠᠪᠤᠳᠠᠯ ᠤᠨ ᠲᠢᠩᠬᠢᠮ ᠤᠨ ᠡᠯ᠎ᠡ ᠴᠣᠩᠬᠤ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠣᠪᠴᠢᠶ᠎ᠠ ᠶᠢᠨ ᠪᠠᠶᠢᠭᠤᠯᠤᠯᠲᠠ ᠵᠢᠴᠢ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ᠂ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠤ ᠪᠠᠶᠢᠭᠤᠯᠤᠯᠲᠠ ᠵᠢᠴᠢ ᠰᠦᠯᠵᠢᠶᠡᠨ ᠤ ᠠᠮᠤᠷ ᠲᠦᠪᠰᠢᠨ ᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
       ᠰᠦ ᠮᠢᠩ ᠰᠢ ᠳᠡᠳ᠋ ᠡᠷᠬᠢᠯᠡᠭᠴᠢ ᠴᠢᠬᠤᠯᠠᠴᠢᠯᠠᠭᠰᠠᠨ ᠨᠢ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠶ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ︽ᠳᠥᠷᠪᠡᠨ ᠠᠳᠠᠯᠢ︾ ᠲᠣᠭᠲᠠᠴᠠ ᠶᠢ ᠪᠠᠷᠢᠮᠲᠠᠯᠠᠵᠤ᠂ ︽ᠭᠤᠷᠪᠠ ᠶᠢ ᠲᠦᠷᠦᠭᠦᠯᠡᠨ ᠬᠢᠬᠦ︾ ︽ᠭᠤᠷᠪᠠ ᠶᠢ ᠪᠡᠶ᠎ᠡ ᠪᠠᠷ ᠢᠶᠠᠨ ᠬᠢᠬᠦ︾ ᠶᠢ ᠪᠡᠶᠡᠯᠡᠭᠦᠯᠦᠨ᠎ᠡ᠃ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠡᠷ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠬᠤᠪᠢ ᠣᠷᠣᠭᠤᠯᠤᠭᠰᠠᠨ ᠲᠠᠰᠤᠭ ᠢ ᠬᠤᠪᠢᠳᠠᠨ ᠬᠠᠮᠢᠶᠠᠷᠴᠤ ᠪᠠᠶᠢᠭ᠎ᠠ ᠲᠣᠤᠷ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠷᠮᠠᠶᠢᠨ ᠰᠠᠶᠢᠲᠤᠷ ᠠᠳᠬᠤᠨ᠎ᠠ᠃
       ᠰᠦ ᠮᠢᠩ ᠰᠢ ᠳᠡᠳ᠋ ᠡᠷᠬᠢᠯᠡᠭᠴᠢ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠭᠭᠠᠳᠭᠠᠬᠤ ᠬᠡᠷᠡᠭᠲᠡᠶ ᠭᠡᠵᠦ ᠱᠠᠭᠠᠷᠳᠠᠪᠠ᠃ ᠲᠣᠭᠤᠷᠢᠭ ᠤᠨ ᠡᠭᠦᠳᠡ ᠡᠷᠦᠬᠡ ᠶᠢᠨ ᠰᠦᠯᠵᠢᠶᠡᠨ ᠥᠷᠲᠡᠭᠡᠨ ᠤ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠦᠵᠡᠯ ᠤᠬᠠᠮᠰᠠᠷ ᠤᠨ ᠬᠡᠯᠪᠡᠷᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ᠂ ᠠᠶᠤᠯᠭᠦᠶ ᠦᠢᠯᠡᠳᠪᠦᠷᠢᠯᠡᠯ ᠵᠢᠴᠢ ᠨᠠᠮ ᠤᠨ ᠱᠤᠭᠤᠮ ᠴᠢᠭᠯᠡᠯᠲᠡ ᠲᠦᠷᠤ ᠶᠢᠨ ᠪᠤᠳᠤᠯᠭ᠎ᠠ ᠪᠣᠯᠤᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠡᠷᠭᠡ ᠠᠭᠤᠯᠭ᠎ᠠ ᠶᠢ ᠶᠡᠭᠡ ᠪᠠᠷ ᠤᠬᠠᠭᠤᠯᠵᠤ᠂ ᠦᠨᠳᠦᠰᠦᠨ ᠱᠠᠲᠤᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠥᠷᠭᠡᠳᠬᠡᠪᠡ᠃ ᠰᠦᠯᠵᠢᠶᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠤᠨ ᠬᠦᠴᠦᠨ ᠢᠶᠠᠨ ᠲᠥᠪᠯᠡᠷᠡᠭᠦᠯᠦᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢ ᠬᠠᠮᠲᠤᠪᠠᠷ ᠰᠠᠶᠢᠲᠤᠷ ᠬᠠᠮᠠᠭᠠᠯᠠᠵᠤ᠂ ᠰᠢᠭᠤᠶᠢᠲᠤ ᠶᠢᠨ ᠨᠡᠷ᠎ᠡ ᠶᠢᠨ ᠬᠠᠭᠤᠳᠠᠰᠤ ᠶᠢ ᠡᠭᠦᠳᠦᠨ᠎ᠡ᠃
       ᠰᠦ ᠮᠢᠩ ᠰᠢ ᠳᠡᠳ᠋ ᠡᠷᠬᠢᠯᠡᠭᠴᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠲᠢᠩᠬᠢᠮ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠪᠠᠶᠢᠷᠢ ᠶᠢᠨ ᠦᠢᠯᠡᠳᠦᠯ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠰᠠᠨᠠᠯ᠂ ᠰᠠᠨᠠᠭᠤᠯᠭ᠎ᠠ ᠶᠢ ᠲᠣᠬᠢᠲᠠᠶ ᠰᠢᠢᠳᠪᠦᠷᠢᠯᠡᠵᠦ᠂ ᠰᠠᠨᠠᠯ᠂ ᠰᠠᠨᠠᠭᠤᠯᠭ᠎ᠠ᠂ ᠰᠢᠮᠳᠠᠭᠤᠯᠤᠨ ᠭᠦᠶ᠋ᠴᠡᠳᠬᠡᠬᠦ᠂ ᠬᠠᠷᠢᠭᠤ ᠲᠤᠰᠬᠠᠬᠤ᠂ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠣᠷᠣᠵᠤ ᠰᠠᠭᠤᠬᠤ ᠳᠤ ︽ᠳᠡᠯᠭᠡᠭᠦᠷ ᠤᠨ ᠵᠠᠷᠤᠴᠠ︾ ︽ᠬᠡᠤᠬᠡᠳ ᠠᠰᠠᠷᠠᠬᠤ ᠮᠠᠶ᠋ᠢᠭ︾ ᠤᠨ ᠦᠶ᠋ᠯᠡᠴᠢᠯᠡᠭᠡ ᠬᠠᠩᠭᠠᠨ᠎ᠠ᠃        ᠰᠦ ᠮᠢᠩ ᠰᠢ ᠳᠡᠳ᠋ ᠡᠷᠬᠢᠯᠡᠭᠴᠢ ᠴᠢᠬᠤᠯᠠᠴᠢᠯᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠤ ᠭᠤᠤᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠬᠤ ᠬᠡᠷᠡᠭᠲᠡᠶ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠲᠣᠭᠲᠠᠴᠠ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠵᠠᠩᠭᠢᠯᠠᠭ᠎ᠠ ᠶᠢᠨ ᠴᠡᠭ᠂ ᠴᠢᠬᠤᠯᠠ ᠶᠡᠭᠡ ᠬᠡᠷᠡᠭ ᠤᠨ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠭᠡᠨᠡᠳᠲᠡ ᠶᠢᠨ ᠬᠡᠷᠡᠭ ᠢ ᠠᠷᠭᠠᠴᠠᠨ  ᠰᠢᠢᠳᠪᠦᠷᠢᠯᠡᠬᠦ ᠲᠣᠭᠲᠠᠴᠠ ᠶᠢ ᠲᠡᠭᠦᠯᠳ ᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠶᠢ ᠰᠡᠷᠭᠡᠶᠢᠯᠡᠨ᠎ᠡ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠲᠢᠩᠬᠢᠮ ᠤᠨ ᠭᠠᠳᠠᠭᠠᠳᠤ ᠳᠤ ᠦᠢᠯᠡᠴᠢᠯᠡᠬᠦ ᠺᠣᠮᠫᠢᠦ᠋ᠲ᠋ᠧᠷ ᠢ ᠰᠠᠶᠢᠲᠤᠷ ᠬᠠᠮᠢᠶᠠᠷᠬᠤ ᠬᠡᠷᠡᠭᠲᠡᠶ᠃        ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠤ ᠥᠷᠲᠡᠭᠡ 2019 ᠣᠨ ᠤ 4 ᠰᠠᠷ᠎ᠠ ᠳᠤ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠳᠤ ᠵᠢᠩᠬᠢᠨᠢ ᠪᠠᠷ ᠰᠢᠯᠵᠢᠭᠦᠯᠦᠨ ᠲᠤᠰᠢᠶᠠᠵᠤ ᠠᠵᠢᠯᠯᠠᠭᠠᠨ ᠤ ᠬᠠᠮᠠᠭᠠᠯᠠᠯᠲᠠ ᠬᠢᠵᠦ᠃ ᠨᠡᠶᠢᠲᠡ 7 ᠭᠤᠣᠯ ᠪᠤᠯᠤᠩ ᠪᠠᠶᠢᠭᠤᠯᠵᠤ᠂ ᠳᠣᠤᠷ᠎ᠠ ᠨᠢ 77 ᠪᠡᠶ᠎ᠡ ᠶᠢᠨ ᠪᠤᠯᠤᠩ ᠭᠠᠷᠭᠠᠵᠤ᠂ ᠮᠠᠨ ᠤ ᠲᠣᠭᠤᠷᠢᠭ ᠤᠨ ᠠᠵᠤ ᠠᠬᠤᠶ᠂ ᠰᠣᠶᠣᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ ᠵᠡᠷᠭᠡ ᠣᠯᠠᠨ ᠬᠦᠷᠢᠶ᠎ᠡ ᠶᠢ ᠬᠠᠮᠤᠷᠪᠠ᠃ ᠰᠦᠯᠵᠢᠶᠡᠨ ᠤ ᠥᠷᠲᠡᠭᠡ 2019 ᠣᠨ ᠠᠴᠠ ᠣᠲᠣ ᠪᠣᠯᠲᠠᠯ᠎ᠠ᠂ ᠡᠯ᠎ᠡ ᠲᠥᠷᠥᠯ ᠤᠨ ᠮᠡᠳᠡᠭᠡ ᠵᠠᠩᠭᠢ ᠶᠢ ᠨᠡᠶᠢᠲᠡ 6259 ᠵᠤᠷᠪᠤᠰ ᠨᠡᠶᠢᠲᠡᠯᠡᠪᠡ᠃ ᠰᠢᠨ᠎ᠡ ᠪᠠᠷ ᠬᠥᠭᠵᠢᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠣᠨᠢᠨ ᠮᠡᠳᠡᠭᠡᠨ ᠤ ᠡᠬᠡ ᠪᠢᠴᠢᠭ ᠢ 400 ᠭᠠᠷᠤᠶ ᠬᠤᠪᠢ ᠰᠢᠯᠵᠢᠭᠤᠯᠦᠨ ᠨᠡᠶᠢᠲᠡᠯᠡᠪᠡ᠃ ᠳᠠᠮᠵᠢᠭᠤᠯᠤᠨ ᠶᠠᠪᠤᠭᠤᠯᠬᠤ ᠬᠡᠮᠵᠢᠶ᠎ᠡ ᠨᠢ ᠪᠦᠬᠦ ᠬᠤᠲᠠ ᠶᠢᠨ ᠡᠯ᠎ᠡ ᠰᠦᠯᠵᠢᠶᠡᠨ ᠥᠷᠲᠡᠭᠡ ᠡᠮᠦᠨ᠎ᠡ ᠪᠠᠢᠷᠢᠨ ᠳᠤ ᠪᠠᠶᠢᠨ᠎ᠠ᠃ 2020 ᠣᠨ ᠤ ᠳᠡᠭᠡᠷ᠎ᠡ ᠬᠠᠭᠠᠰ ᠵᠢᠯ ᠳᠤ ᠰᠦᠯᠵᠢᠶᠡᠨ ᠥᠷᠲᠡᠭᠡ ᠨᠢ ᠬᠤᠰᠢᠭᠤ ᠰᠢᠶᠠᠨ ᠲᠣᠭᠤᠷᠢᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠮᠳᠠ ᠨᠢᠭᠡᠳᠦᠭᠡᠷ ᠰᠠᠶᠢᠨ ᠬᠢᠷᠢ ᠪᠦᠲᠦᠮᠵᠢ ᠣᠯᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号