ᠰᠢᠭᠤᠶᠢᠲᠤ ᠲᠤᠭᠤᠷᠢᠭ ᠤᠨ ᠬᠢᠨ ᠬᠦᠴᠢᠷᠳᠡᠯᠲᠡᠶ ᠣᠯᠠᠨ ᠲᠦᠮᠡᠨ ᠤ ᠳᠤᠯᠠᠭᠠᠯᠠᠭ᠎ᠠ ᠶᠢᠨ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2020/11/25
       ᠬᠦᠴᠢᠷᠳᠡᠯᠲᠡᠶ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠰᠢᠭᠤᠶᠢᠲᠤ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠡᠭᠡᠰᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠪᠣᠯᠤᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠲᠤ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠥᠷᠢ ᠣᠯᠭᠤᠬᠤ ᠠᠵᠢᠯ ᠢ ᠥᠷᠨᠢᠭᠦᠯᠦᠨ᠎ᠡ᠃ ᠨᠥᠬᠦᠪᠥᠷᠢ ᠣᠯᠭᠤᠬᠤ ᠡᠲᠡᠭᠡᠳ ᠨᠢ ᠨᠥᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠪᠠ ᠣᠨᠴᠠ ᠬᠦᠴᠢᠷᠳᠡᠯᠲᠡᠶ ᠬᠥᠮᠦᠰ ᠪᠠᠶᠢᠵᠤ᠂ ᠨᠥᠬᠦᠪᠥᠷᠢ ᠥᠭᠬᠦ ᠪᠠᠷᠢᠮᠵᠢᠶ᠎ᠠ ᠨᠢ ᠡᠷᠦᠬᠡ ᠨᠢᠭᠡᠪᠦᠷᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ 1200 ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠥᠷᠢ ᠠᠪᠴᠤ ᠥᠭᠭᠦᠨ᠎ᠡ᠃ ᠡᠨᠡ ᠵᠢᠯ ᠰᠢᠭᠤᠶᠢᠲᠤ ᠲᠤᠭᠤᠷᠢᠭ ᠳᠤ ᠨᠡᠶᠢᠲᠡ 826 ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠪᠣᠯᠤᠨ ᠣᠨᠴᠠ ᠬᠦᠴᠢᠷᠳᠡᠯᠲᠡᠶ ᠬᠥᠮᠦᠰ ᠨᠥᠬᠦᠪᠥᠷᠢ ᠥᠭᠬᠦ ᠨᠥᠬᠦᠴᠡᠯ ᠳᠤ ᠨᠡᠶᠢᠴᠡᠪᠡ᠃        ᠣᠳᠣᠬᠠᠨ ᠳᠤ᠂ ᠲᠤᠰ ᠨᠥᠬᠦᠪᠥᠷᠢ ᠶᠢ ᠰᠢᠭᠤᠶᠢᠲᠤ ᠲᠤᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠦᠬᠦᠨ ᠢ ᠨᠡᠪᠲᠡᠷ ᠡᠭᠦᠯᠬᠦ ᠺᠠᠷᠲ ᠢᠶᠠᠷ ᠳᠠᠮᠵᠢᠨ ᠣᠯᠭᠤᠵᠤ᠂ ᠨᠡᠶᠢᠲᠡ 99.12 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠠᠶ᠃ ᠨᠥᠬᠦᠪᠥᠷᠢ ᠣᠯᠤᠭᠰᠠᠨ ᠰᠠᠭᠤᠭᠠᠯᠢ ᠠᠷᠠᠳ ᠰᠢᠤᠳᠠᠨ ᠤ ᠬᠠᠳᠠᠭᠠᠯᠠᠮᠵᠢ ᠶᠢᠨ ᠪᠠᠩᠬᠢ ᠵᠢᠴᠢ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠡᠯ᠎ᠡ ᠲᠣᠤᠷ ᠴᠢᠭ ᠢᠶᠠᠷ ᠳᠠᠮᠵᠢᠨ ᠪᠠᠶᠢᠴᠠᠭᠠᠨ ᠯᠠᠪᠯᠠᠵᠤ ᠪᠣᠯᠤᠨ᠎ᠠ᠃ ᠬᠠᠮᠢᠶ᠎ᠠ ᠪᠦᠬᠦᠢ ᠨᠥᠬᠦᠪᠥᠷᠢ ᠪᠡᠯᠡ ᠮᠥᠩᠭᠦ ᠶᠢ ᠭᠠᠷᠭᠠᠨ ᠠᠪᠤᠨ᠎ᠠ᠃
 
ᠢᠷᠡᠯᠲᠡ᠄ ᠰᠢᠭᠤᠶᠢᠲᠤ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号