ᠰᠢᠭᠤᠶᠢᠲᠤ ᠵᠡᠭᠡᠯᠢ ᠭᠤᠳᠤᠮᠵᠢ ᠨᠠᠰᠤᠲᠠᠶᠢᠴᠤᠳ ᠢ ᠬᠦᠨᠳᠦᠳᠬᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/3
       ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠨ ᠰᠠᠶᠢᠬᠠᠨ ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠨᠠᠰᠤᠲᠠᠨ ᠢ ᠠᠴᠢᠯᠠᠵᠤ ᠨᠠᠰᠤᠲᠠᠨ ᠢ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠤᠯᠭᠠᠵᠦ᠂ ᠰᠢᠭᠤᠶᠢᠲᠤ ᠵᠡᠭᠡᠯᠢ ᠭᠤᠳᠤᠮᠵᠢ 10 ᠰᠠᠷ᠎ᠠ ᠶᠢᠨ ᠨᠠᠰᠤᠲᠠᠨ ᠢ ᠬᠦᠨᠳᠦᠯᠡᠬᠦ ᠬᠤᠭᠤᠴᠠᠭᠠᠨ ᠳᠤ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠶ᠃ ᠬᠠᠷᠢᠶᠠᠲᠤ ᠣᠷᠣᠨ ᠤ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠦᠨ᠎ᠡ᠃

       ᠰᠤᠷᠪᠤᠯᠵᠢᠯᠠᠬᠤ ᠶᠠᠪᠤᠴᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋

ᠡᠷᠬᠢᠯᠡᠭᠴᠢ ᠸᠧᠶ ᠪᠥᠸᠧ ᠥᠨᠳᠥᠷ ᠨᠠᠰᠤᠲᠠᠶ ᠨᠠᠰᠤᠲᠠᠨ ᠲᠠᠢ ᠳᠣᠲᠣᠨᠣ ᠪᠠᠷ ᠶᠠᠷᠢᠯᠴᠠᠵᠤ ᠲᠡᠳᠡᠨ ᠤ ᠪᠡᠶ᠎ᠡ ᠮᠠᠬᠠᠪᠣᠳ

ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠠᠶ᠃ ᠨᠠᠰᠤᠲᠠᠨ ᠤ ᠪᠡᠶ᠎ᠡ ᠪᠠᠨ ᠭᠠᠮᠨᠠᠵᠤ᠂ ᠢᠳᠡᠭᠡᠨ

ᠤᠮᠳᠠᠭᠠᠨ ᠤ ᠠᠷᠢᠭᠤᠨ ᠴᠡᠪᠡᠷ ᠢ ᠠᠩᠬᠠᠷᠴᠤ᠂ ᠪᠠᠰᠠ ᠲᠡᠳᠡᠨ ᠳᠤ ᠲᠤᠲᠤᠷᠭ᠎ᠠ᠂ ᠭᠤᠯᠢᠷ᠂ ᠲᠤᠰᠤ᠂ ᠦᠨᠢᠶᠡᠨ ᠰᠦ᠋

ᠵᠡᠷᠭᠡ ᠲᠣᠬᠤᠨᠢᠭᠤᠯᠬᠤ ᠪᠣᠳᠠᠰ ᠬᠦᠷᠭᠡᠪᠡ᠃

       ᠡᠨᠡ ᠤᠳᠠᠭᠠᠨ ᠤ ᠠᠵᠢᠯᠯᠠᠭ᠎ᠠ ᠳᠤ ᠶᠠᠳᠠᠭᠤ ᠬᠦᠴᠢᠷᠳᠡᠯ᠂ ᠥᠨᠳᠥᠷ ᠨᠠᠰᠤ᠂ ᠭᠠᠭᠴᠠᠭᠠᠷ ᠰᠠᠭᠤᠬᠤ ᠵᠡᠷᠭᠡ

ᠨᠠᠰᠤᠲᠠᠶᠢᠴᠤᠳ ᠢ ᠲᠣᠬᠤᠨᠢᠭᠤᠯᠵᠠᠶ᠃ ᠬᠠᠯᠠᠭᠤᠨ ᠳᠤᠯᠠᠭᠠᠨ ᠢ ᠳᠠᠮᠵᠢᠭᠤᠯᠵᠤ᠂ ᠬᠦᠰᠡᠯ ᠱᠠᠭᠠᠷᠳᠠᠯᠭ᠎ᠠ ᠶᠢ

ᠰᠣᠨᠣᠰᠴᠤ᠂ ᠬᠦᠰᠡᠯ ᠱᠠᠭᠠᠷᠳᠠᠯᠭ᠎ᠠ ᠪᠠᠨ ᠲᠤᠰᠬᠠᠵᠤ᠂᠂ ᠨᠠᠰᠤᠲᠠᠶᠢᠴᠤᠳ ᠢ ᠬᠠᠪᠰᠤᠷᠤᠨ ᠡᠳᠦᠷ ᠲᠤᠲᠤᠮ ᠤᠨ

ᠠᠮᠢᠳᠤᠷᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠵᠦ᠂ ᠨᠠᠰᠤᠲᠠᠶᠢᠴᠤᠳ ᠲᠤ ᠨᠡᠶᠢᠭᠡᠮ

ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号