ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠰᠡᠳᠦᠪᠲᠦ ᠭᠤᠤᠯ ᠳᠤᠭᠤᠶᠢᠯᠠᠩ ᠤᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2020/11/5
       11 ᠰᠠᠷ᠎ᠠ ᠶᠢᠨ 2 ᠤᠨ ᠡᠳᠦᠷ ᠤᠨ ᠦᠳᠡ ᠬᠤᠶᠢᠨ᠎ᠠ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂  ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠤᠳᠢ ᠶᠢᠨ ᠶᠢᠰᠦᠳᠦᠭᠡᠷ ᠪᠦᠯᠦᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠭᠤᠯᠭ᠎ᠠ ᠶᠢ ᠭᠦᠨᠵᠡᠭᠡᠢ ᠰᠤᠷᠤᠯᠴᠠᠵᠠᠢ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠢ ᠨᠠᠮ ᠤᠨ ᠠᠵᠢᠯᠯᠠᠬᠤ ᠬᠤᠷᠢᠶᠠᠨ ᠤ ᠱᠦᠵᠢ ᠡᠷᠬᠢᠯᠡᠵᠦ᠂ ᠬᠠᠮᠢᠶᠠᠷᠤᠯᠲᠠ ᠶᠢᠨ ᠵᠥᠪᠯᠡᠯ ᠤᠨ ᠪᠦᠬᠦ ᠬᠥᠮᠦᠰ ᠬᠤᠷᠠᠯ ᠳᠤ ᠣᠷᠣᠯᠴᠠᠪᠠ᠃

       ᠬᠤᠷᠠᠯ ᠳᠡᠭᠡᠷ᠎ᠡ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ

ᠠᠭᠤᠯᠭ᠎ᠠ ᠶᠢ ᠰᠤᠷᠤᠯᠴᠠᠵᠤ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠶᠡᠷᠦᠩᠬᠡᠶ ᠱᠦᠵᠢ ᠰᠢ ᠶᠢᠨ ᠫᠢᠩ ᠤᠨ

ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂

ᠬᠤᠷᠠᠯ ᠤᠨ ᠳᠠᠷᠠᠭ᠎ᠠ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠣᠶᠢᠷ᠎ᠠ ᠶᠢᠨ ᠬᠤᠭᠤᠴᠠᠭᠠᠨ ᠳᠤ ᠦᠨᠳᠦᠰᠦᠨ

ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠦᠷ᠎ᠡ ᠪᠦᠲᠦᠭᠡᠯ ᠤᠨ ᠲᠤᠬᠠᠶ ᠪᠠᠶᠢᠴᠠᠭᠠᠨ

ᠰᠤᠳᠤᠯᠤᠯᠲᠠ ᠶᠢᠨ ᠮᠡᠳᠡᠭᠦᠯᠦᠯᠲᠡ ᠬᠢᠪᠠ᠃

       ᠬᠤᠷᠠᠯ ᠠᠴᠠ᠂ ᠨᠢᠭᠡ ᠳᠤ ᠠᠵᠤ ᠠᠬᠤᠢ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ

ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠨ᠎ᠠ᠃ ᠬᠤᠶᠠᠷ ᠳᠤ ᠠᠷᠠᠳ ᠲᠦᠮᠡᠨ ᠢᠶᠠᠷ ᠭᠤᠣᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ

ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠠᠷᠠᠳ ᠲᠦᠮᠡᠨ ᠤ ᠭᠤᠣᠯ

ᠴᠣᠭᠴᠠ ᠶᠢᠨ ᠦᠢᠯᠡᠳᠦᠯ ᠢ ᠪᠠᠳᠠᠷᠠᠭᠤᠯᠬᠤ ᠪᠣᠯ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ

ᠬᠦᠴᠦᠨ ᠮᠥᠨ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠠᠬᠤᠶ ᠶᠢᠨ

ᠬᠥᠭᠵᠢᠯᠲᠡ ᠶᠢᠨ ᠰᠢᠨ᠎ᠡ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠤᠨ᠎ᠠ᠃ ᠲᠦᠷᠪᠡ ᠳᠤ ᠵᠥᠪ ᠠᠵᠢᠯᠯᠠᠬᠤ ᠠᠷᠭ᠎ᠠ

ᠪᠤᠳᠤᠯᠭ᠎ᠠ ᠪᠠ ᠠᠷᠭ᠎ᠠ ᠶᠢ ᠪᠠᠷᠢᠮᠲᠠᠯᠠᠨ᠎ᠠ᠂  ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ

ᠬᠥᠭᠵᠢᠯᠲᠡ ᠶᠢᠨ ᠲᠥᠯᠥᠭᠡ ᠴᠢᠳᠠᠯ ᠤᠨ ᠬᠢᠷᠢ ᠪᠠᠷ ᠢᠶᠠᠨ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠤᠯᠤᠨ᠎ᠠ᠃

 
ᠢᠷᠡᠯᠲᠡ᠄ ᠪᠤᠭᠤᠲᠤ ᠬᠤᠲᠠ ᠶᠢᠨ ᠬᠤᠲᠠ ᠶᠢᠨ ᠬᠠᠮᠲᠤᠪᠠᠷ ᠲᠤᠬᠢᠷᠠᠭᠤᠯᠤᠨ ᠬᠦᠷᠭᠡᠬᠦ ᠪᠠᠷᠠᠭ᠎ᠠ ᠶᠢᠨ ᠭᠦᠶ᠋ᠯᠭᠡᠭᠡᠨ ᠤ ᠬᠦᠷᠢᠶᠡᠯᠡᠩ ᠲᠣᠭᠤᠷᠢᠭ ᠤᠨ ᠬᠠ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号