ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠪᠠᠯ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖ | 2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ | ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ | ᠮᠡᠳᠡᠭᠡ ᠵᠣᠬᠢᠶᠠᠵᠤ ᠭᠠᠷᠭᠠᠪᠠ᠃ | ᠨᠢᠭᠡᠳᠦᠭᠡᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠪᠠᠳᠺᠠᠷ ᠵᠤᠤ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠭᠤᠤ ᠬᠤᠢ | ᠲᠣᠭᠤᠷᠢᠭ ᠤᠨ ᠳᠠᠷᠤᠭ᠎ᠠ ᠯᠢ ᠰᠢᠨ ᠴᠦᠨ ᠤ ︽ᠠᠵᠢᠯ ᠤᠨ ᠢᠯᠡᠳᠬᠡᠯ︾ ᠢ ᠰᠣᠨᠣᠰᠤᠭᠠᠳ᠂ ᠤᠯᠤᠰ | ᠲᠦᠷᠦ ᠶᠢᠨ ᠵᠣᠭᠰᠣᠴᠠ ᠥᠨᠳᠥᠷ᠂ ᠬᠤᠷᠸ᠎ᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠶᠢᠬᠤ ᠮᠥᠷᠲᠡᠭᠡᠨ | ᠠᠷᠠᠳ ᠤᠨ ᠠᠮᠢᠳᠤᠷᠠᠯ ᠤᠨ ᠲᠤᠬᠠᠢ ᠨᠠᠷᠢᠨ ᠨᠢᠮᠪᠠᠢ ᠬᠠᠶᠢᠷ᠎ᠠ ᠰᠡᠳᠬᠢᠯᠭᠡ ᠲᠠᠢ ᠪᠠᠶᠢᠵᠤ᠂ ᠥᠩᠭᠡᠷᠡᠭᠰᠡᠨ ᠤ | ᠠᠵᠢᠯ ᠤᠨ ᠳ᠋ᠦᠩᠨᠡᠯᠲᠡ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠪᠦᠬᠦ ᠲᠠᠯ᠎ᠠ ᠪᠠᠷ ᠶᠠᠪᠤᠭᠳᠠᠵᠠᠢ︔ | ᠢᠷᠡᠭᠡᠳᠦᠢ ᠶᠢᠨ ᠪᠠᠶᠢᠷᠢᠯᠠᠭᠤᠯᠤᠯᠲᠠ ᠶᠢᠨ ᠬᠠᠷᠠᠯᠲᠠ ᠨᠢ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ | ᠣᠷᠮᠠᠰᠢᠭᠤᠯᠣᠨ ᠤᠷᠤᠭᠰᠢᠯᠠᠭᠤᠯᠵᠤ᠂ ᠮᠠᠨ ᠤ ᠬᠤᠶᠢᠰᠢᠳᠠ ᠶᠢᠨ ᠠᠵᠢᠯ ᠳᠤ ᠵᠢᠷᠤᠮᠯᠠᠯ ᠬᠠᠩᠭᠠᠵᠠᠢ᠃ | ᠢᠯᠡᠳᠬᠡᠯ ᠨᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠨᠠᠩ ᠥᠨᠳᠥᠷ | ᠱᠠᠭᠠᠷᠳᠠᠯᠭ᠎ᠠ ᠳᠤᠷᠠᠳᠴᠤ᠂ ᠪᠢᠳᠡᠨ ᠳᠤ ᠳᠠᠷᠤᠯᠲᠠ ᠥᠭᠭᠦᠭᠰᠡᠨ ᠮᠥᠷᠲᠡᠭᠡᠨ ᠪᠠᠰᠠ ᠬᠠᠷᠢᠭᠤᠴᠠᠯᠭ᠎ᠠ ᠬᠦᠨᠳᠦ ᠶᠡᠭᠡ | ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠨ᠎ᠠ᠄ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠲᠠᠯ | ᠳᠣᠤᠷ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ | ᠵᠢᠷᠭᠤᠭ᠎ᠠ ᠶᠢ ᠪᠠᠲᠣᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠪᠠᠳᠺᠠᠷ ᠵᠤᠤ ᠪᠠᠯᠭᠠᠰᠤᠨ ᠤ ᠪᠣᠳᠠᠲᠠᠶ ᠲᠠᠢ ᠤᠶᠠᠯᠳᠤᠭᠤᠯᠤᠨ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠰᠢᠭᠤᠶᠢᠲᠤ ᠲᠣᠭᠤᠷᠢᠭ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ | ᠬᠤᠶᠠᠷ ᠲᠤ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠣᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠪᠢᠳᠡ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠣᠯᠠᠬᠤ︾ ᠭᠤᠤᠯ ᠭᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠭᠤᠶᠢᠲᠤ | ᠲᠣᠭᠤᠷᠢᠭ ᠤᠨ ︽ᠭᠤᠷᠪᠠ ᠶᠢ ᠡᠷᠬᠢᠮᠯᠡᠵᠦ ᠲᠠᠪᠤ ᠶᠢ ᠪᠤᠳᠤᠵᠤ ᠳᠣᠯᠤᠭ᠎ᠠ ᠶᠢ ᠦᠵᠡᠬᠦ︾ ᠠᠵᠢᠯ ᠤᠨ ᠨᠠᠷᠢᠨ | ᠲᠠᠩᠰᠠ ᠶᠢ ᠬᠢᠨᠠᠮᠠᠭᠠᠶ ᠨᠠᠶᠢᠲᠠᠪᠣᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ︽ᠠᠷᠪᠠᠨ ᠤ ᠨᠢᠭᠡ︾ ᠶᠢᠨ ᠠᠵᠢᠯᠯᠠᠭ᠎ᠠ ᠶᠢ | ᠭᠦᠨᠵᠡᠭᠡᠶ ᠥᠷᠨᠢᠭᠦᠯᠪᠡ᠃ ᠶᠠᠳᠠᠭᠤ ᠶᠢ ᠲᠡᠳᠬᠦᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠣ᠂ ᠳᠡᠭᠡᠲᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ | ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠣ᠂ ᠪᠠᠳᠺᠠᠷ ᠵᠣᠣ ᠪᠠᠯᠭᠠᠰᠤᠨ ᠤ ᠠᠷᠠᠳ ᠣᠯᠠᠨ ᠤ | ᠠᠮᠢᠳᠤᠷᠠᠯ ᠢ ᠨᠠᠩ ᠵᠣᠯ ᠵᠢᠷᠭᠠᠯ ᠲᠠᠢ ᠠᠮᠤᠷ ᠠᠮᠤᠭᠤᠯᠠᠩ ᠪᠣᠯᠭᠠᠨ᠎ᠠ᠃ | ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠪᠠᠶᠢᠯᠳᠤᠬᠤ ᠪᠣᠳᠣᠯᠭ᠎ᠠ︶ ᠶᠢ | ᠦᠷᠭᠦᠯᠵᠢᠯᠡᠨ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠪᠠᠯᠭᠠᠰᠤᠨ ᠤ ︽ᠨᠢᠭᠡ ᠴᠥᠮ᠎ᠡ ᠭᠤᠷᠪᠠᠨ ᠲᠡᠩᠭᠡᠯᠢᠭ | ᠲᠠᠪᠤᠨ ᠣᠷᠣᠨ︾ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ | ᠠᠬᠢᠭᠤᠯᠵᠤ᠂ ᠨᠢᠭᠡ ᠵᠢᠷᠤᠭ ᠲᠥᠯᠥᠪᠯᠡᠭᠡ ᠶᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠂ ᠪᠠᠳᠺᠠᠷ ᠵᠣᠣ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠠᠭᠤᠳᠠᠰᠤ ᠶᠢ ᠪᠢᠴᠢᠭᠯᠡᠨ᠎ᠡ᠃ |