ᠭᠠᠯ ᠤᠨᠲᠠᠷᠠᠭᠠᠬᠤ ᠪᠣᠯᠪᠠᠰᠤᠷᠠᠭᠤᠯᠤᠯ ᠢ ᠨᠡᠶᠢᠭᠡᠮ ᠲᠣᠭᠤᠷᠢᠭ ᠲᠤ ᠣᠷᠣᠭᠤᠯᠵᠤ ᠠᠮᠤᠷ ᠲᠦᠪᠰᠢᠨ ᠤ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2020/12/10
       ᠨᠡᠶᠢᠭᠡᠮ ᠲᠣᠭᠤᠷᠢᠭ ᠤᠨ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠭᠠᠯ ᠲᠦᠢᠮᠡᠷ ᠤᠨ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠬᠤᠷᠢᠭᠯᠠᠵᠤ᠂ ᠣᠶᠢᠷ᠎ᠠ ᠶᠢᠨ ᠡᠳᠦᠷ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠲᠥᠪ ᠰᠢᠭᠤᠶᠢᠲᠤ ᠵᠡᠭᠡᠯᠢ ᠭᠤᠳᠤᠮ ᠶᠢ ᠳᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ᠃
       ᠪᠣᠯᠪᠠᠰᠤᠷᠠᠯ ᠤᠨ ᠳᠤᠮᠳᠠ᠂ ᠬᠤᠲᠠ ᠶᠢᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠲᠥᠪ ᠤᠨ ᠶᠤᠸᠠᠨ ᠯᠧ ᠰᠤᠷᠭᠠᠭᠴᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠰᠠᠭᠤᠷᠢ ᠣᠨᠣᠯ ᠪᠣᠯᠤᠨ ᠭᠠᠯ ᠤᠨ ᠠᠶᠤᠯ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠠᠶᠤᠯ ᠤᠨ ᠰᠠᠭᠤᠷᠢ ᠣᠨᠣᠯ ᠤᠨ ᠮᠡᠳᠡᠯᠭᠡ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠦᠷᠭᠦᠯᠵᠢ ᠲᠣᠬᠢᠶᠠᠯᠳᠤᠳᠠᠭ ᠭᠠᠯ ᠤᠨ ᠠᠶᠤᠯ ᠭᠠᠷᠤᠭᠰᠠᠨ ᠰᠢᠯᠲᠠᠭᠠᠨ᠂ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ᠂ ᠭᠠᠯ ᠤᠨᠲᠠᠷᠠᠭᠠᠬᠤ ᠡᠬᠢᠨ ᠤ ᠦᠶ᠎ᠡ ᠶᠢᠨ ᠭᠠᠯ ᠤᠨ ᠠᠶᠤᠯ ᠢ ᠬᠡᠷᠬᠢᠨ ᠤᠨᠲᠠᠷᠠᠭᠠᠬᠤ᠂ ᠭᠠᠯ ᠤᠨᠲᠠᠷᠠᠭᠠᠭᠤᠷ ᠢ ᠬᠡᠷᠬᠢᠨ ᠬᠡᠷᠡᠭᠯᠡᠬᠦ ᠵᠢᠴᠢ ᠭᠠᠯ ᠤᠨ ᠲᠠᠯᠠᠪᠠᠢ ᠶᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠳᠤ ᠠᠩᠬᠠᠷᠬᠤ ᠵᠤᠶᠢᠯ ᠵᠡᠷᠭᠡ ᠶᠢ ᠨᠠᠷᠢᠨ ᠲᠠᠶᠢᠯᠪᠤᠷᠢᠯᠠᠪᠠ᠃ ᠬᠤᠷᠠᠯ ᠤᠨ ᠳᠠᠷᠠᠭ᠎ᠠ᠂ ᠣᠯᠠᠨ ᠢᠶᠠᠷ ᠢᠶᠠᠨ ᠲᠤᠬᠠᠶ ᠶᠢᠨ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠦᠢᠯᠡᠳᠦᠯᠭᠡ ᠬᠢᠵᠦ᠂ ᠶᠤᠸᠠᠨ ᠯᠧ ᠰᠤᠷᠭᠠᠭᠴᠢ ᠣᠯᠠᠨ ᠢ ᠳᠠᠭᠠᠭᠤᠯᠤᠨ ᠳᠠᠯᠳᠠ ᠭᠡᠮ ᠢ ᠢᠯᠡᠷᠡᠭᠦᠯᠦᠨ᠂ ᠳᠠᠯᠳᠠ ᠭᠡᠮ ᠢ ᠴᠡᠭᠴᠡᠯᠡᠨ ᠵᠠᠰᠠᠵᠦ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠪᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠩ ᠭᠦᠨᠵᠡᠭᠡᠶ ᠡᠵᠡᠮᠰᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃        ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠬᠠᠳᠬᠠᠵᠠᠶ᠃ ᠠᠵᠢᠯᠲᠠᠳ ᠤᠨ ᠭᠠᠯ ᠲᠦᠢᠮᠡᠷ ᠤᠨ ᠠᠳᠡᠯ ᠢ ᠠᠷᠭᠠᠴᠠᠬᠤ ᠰᠡᠷᠭᠡᠶᠢᠯᠡᠬᠦ ᠪᠠ ᠠᠮᠢ ᠵᠢᠭᠤᠲᠠᠬᠤ᠂ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号