﹇ᠲᠥᠷᠥ ᠶᠢᠨ ᠪᠣᠳᠣᠯᠭ᠎ᠠ ᠶᠢᠨ ᠲᠠᠶᠢᠯᠤᠮᠵᠢ﹈ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠭᠤᠶᠢᠲᠤ ᠲᠣᠭᠤᠷᠢᠭ ᠬᠡᠷᠬᠢᠨ ᠬᠢᠬᠦ ᠪᠣᠶ ︵ᠨᠢᠭᠡ︶
ᠨᠡᠶᠢᠲᠡᠯᠡᠭᠰᠡᠨ ᠴᠠᠭ᠄
2020/12/10
        ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠪᠠᠯ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖         2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ ᠮᠡᠳᠡᠭᠡ ᠵᠣᠬᠢᠶᠠᠵᠤ ᠭᠠᠷᠭᠠᠪᠠ᠃         ᠨᠢᠭᠡᠳᠦᠭᠡᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠪᠠᠳᠺᠠᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠬᠤᠢ         ᠲᠣᠭᠤᠷᠢᠭ ᠤᠨ ᠳᠠᠷᠤᠭ᠎ᠠ ᠯᠢ ᠰᠢᠨ ᠴᠦᠨ ᠤ ︽ᠠᠵᠢᠯ ᠤᠨ ᠢᠯᠡᠳᠬᠡᠯ︾ ᠢ ᠰᠣᠨᠣᠰᠤᠭᠠᠳ᠂ ᠤᠯᠤᠰ ᠲᠦᠷᠦ ᠶᠢᠨ ᠵᠣᠭᠰᠣᠴᠠ ᠥᠨᠳᠥᠷ᠂ ᠬᠤᠷᠸ᠎ᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠶᠢᠬᠤ ᠮᠥᠷᠲᠡᠭᠡᠨ ᠠᠷᠠᠳ ᠤᠨ ᠠᠮᠢᠳᠤᠷᠠᠯ ᠤᠨ ᠲᠤᠬᠠᠢ ᠨᠠᠷᠢᠨ ᠨᠢᠮᠪᠠᠢ ᠬᠠᠶᠢᠷ᠎ᠠ ᠰᠡᠳᠬᠢᠯᠭᠡ ᠲᠠᠢ ᠪᠠᠶᠢᠵᠤ᠂ ᠥᠩᠭᠡᠷᠡᠭᠰᠡᠨ ᠤ ᠠᠵᠢᠯ ᠤᠨ ᠳ᠋ᠦᠩᠨᠡᠯᠲᠡ ᠳᠤ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠪᠦᠬᠦ ᠲᠠᠯ᠎ᠠ ᠪᠠᠷ ᠶᠠᠪᠤᠭᠳᠠᠵᠠᠢ︔ ᠢᠷᠡᠭᠡᠳᠦᠢ ᠶᠢᠨ ᠪᠠᠶᠢᠷᠢᠯᠠᠭᠤᠯᠤᠯᠲᠠ ᠶᠢᠨ ᠬᠠᠷᠠᠯᠲᠠ ᠨᠢ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ ᠣᠷᠮᠠᠰᠢᠭᠤᠯᠣᠨ ᠤᠷᠤᠭᠰᠢᠯᠠᠭᠤᠯᠵᠤ᠂ ᠮᠠᠨ ᠤ ᠬᠤᠶᠢᠰᠢᠳᠠ ᠶᠢᠨ ᠠᠵᠢᠯ ᠳᠤ ᠵᠢᠷᠤᠮᠯᠠᠯ ᠬᠠᠩᠭᠠᠵᠠᠢ᠃         ᠢᠯᠡᠳᠬᠡᠯ ᠨᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠪᠢᠳᠡᠨ ᠳᠤ ᠳᠠᠷᠤᠯᠲᠠ ᠥᠭᠭᠦᠭᠰᠡᠨ ᠮᠥᠷᠲᠡᠭᠡᠨ ᠪᠠᠰᠠ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄         ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠲᠠᠯ ᠳᠣᠤᠷ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠣᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠠᠳᠺᠠᠷ ᠵᠤᠤ ᠪᠠᠯᠭᠠᠰᠤᠨ ᠤ ᠪᠣᠳᠠᠲᠠᠶ ᠲᠠᠢ ᠤᠶᠠᠯᠳᠤᠭᠤᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠰᠢᠭᠤᠶᠢᠲᠤ ᠲᠣᠭᠤᠷᠢᠭ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃         ᠬᠤᠶᠠᠷ ᠲᠤ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠣᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠣᠯᠠᠬᠤ︾ ᠭᠤᠤᠯ ᠭᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠭᠤᠶᠢᠲᠤ ᠲᠣᠭᠤᠷᠢᠭ ᠤᠨ ︽ᠭᠤᠷᠪᠠ ᠶᠢ ᠡᠷᠬᠢᠮᠯᠡᠵᠦ ᠲᠠᠪᠤ ᠶᠢ ᠪᠤᠳᠤᠵᠤ ᠳᠣᠯᠤᠭ᠎ᠠ ᠶᠢ ᠦᠵᠡᠬᠦ︾ ᠠᠵᠢᠯ ᠤᠨ ᠨᠠᠷᠢᠨ ᠲᠠᠩᠰᠠ ᠶᠢ ᠬᠢᠨᠠᠮᠠᠭᠠᠶ ᠨᠠᠶᠢᠲᠠᠪᠣᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ︽ᠠᠷᠪᠠᠨ ᠤ ᠨᠢᠭᠡ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠶᠠᠳᠠᠭᠤ ᠶᠢ ᠲᠡᠳᠬᠦᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠣ᠂ ᠳᠡᠭᠡᠲᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠣ᠂ ᠪᠠᠳᠺᠠᠷ ᠵᠣᠣ ᠪᠠᠯᠭᠠᠰᠤᠨ ᠤ ᠠᠷᠠᠳ ᠣᠯᠠᠨ ᠤ ᠠᠮᠢᠳᠤᠷᠠᠯ ᠢ ᠨᠠᠩ ᠵᠣᠯ ᠵᠢᠷᠭᠠᠯ ᠲᠠᠢ ᠠᠮᠤᠷ ᠠᠮᠤᠭᠤᠯᠠᠩ ᠪᠣᠯᠭᠠᠨ᠎ᠠ᠃         ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠪᠠᠶᠢᠯᠳᠤᠬᠤ ᠪᠣᠳᠣᠯᠭ᠎ᠠ︶ ᠶᠢ ᠦᠷᠭᠦᠯᠵᠢᠯᠡᠨ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠪᠠᠯᠭᠠᠰᠤᠨ ᠤ ︽ᠨᠢᠭᠡ ᠴᠥᠮ᠎ᠡ ᠭᠤᠷᠪᠠᠨ ᠲᠡᠩᠭᠡᠯᠢᠭ ᠲᠠᠪᠤᠨ ᠣᠷᠣᠨ︾ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠠᠬᠢᠭᠤᠯᠵᠤ᠂ ᠨᠢᠭᠡ ᠵᠢᠷᠤᠭ ᠲᠥᠯᠥᠪᠯᠡᠭᠡ ᠶᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠳᠺᠠᠷ ᠵᠣᠣ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号