﹇ᠲᠥᠷᠥ ᠶᠢᠨ ᠪᠣᠳᠣᠯᠭ᠎ᠠ ᠶᠢᠨ ᠲᠠᠶᠢᠯᠤᠮᠵᠢ﹈ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠭᠤᠶᠢᠲᠤ ᠲᠣᠭᠤᠷᠢᠭ ᠬᠡᠷᠬᠢᠨ ᠬᠢᠬᠦ ᠪᠣᠶ ︵ᠬᠤᠶᠠᠷ︶
ᠨᠡᠶᠢᠲᠡᠯᠡᠭᠰᠡᠨ ᠴᠠᠭ᠄
2020/12/11
        ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖         2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ ᠮᠡᠳᠡᠭᠡ ᠵᠣᠬᠢᠶᠠᠵᠤ ᠭᠠᠷᠭᠠᠪᠠ᠃         ᠬᠤᠶᠠᠳᠤᠭᠠᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ᠂ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠵᠢᠶᠠ ᠶᠠᠨ ᠳ᠋ᠢ         ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠨᠢᠭᠡ ᠵᠢᠯ ᠮᠥᠨ᠂ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠡᠴᠦᠰ ᠤᠨ ᠵᠢᠯ ᠮᠥᠨ᠃ ᠰᠢᠭᠤᠶᠢᠲᠤ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠬᠡᠷ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠤᠯ ᠬᠦᠴᠦᠨ ᠪᠣᠯᠤᠭᠰᠠᠨ ᠤ ᠬᠤᠪᠢ ᠳᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠮ ᠤᠨ ᠲᠥᠪ ᠬᠤᠷᠢᠶ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠴᠢᠨᠠᠷ ᠰᠠᠶᠢᠲᠠᠶ ᠢᠯᠠᠯᠲᠠ ᠶᠢ ᠣᠯᠵᠤ᠂ ᠮᠠᠨ ᠤ ᠲᠣᠭᠤᠷᠢᠭ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠦᠨᠡᠨ ᠬᠦ ᠪᠠᠲᠤᠯᠠᠵᠤ᠂ ᠪᠥᠬᠦ ᠤᠯᠤᠰ ᠤᠨ ᠠᠷᠠᠳ ᠲᠦᠮᠡᠨ ᠲᠠᠢ ᠵᠡᠷᠭᠡ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠨ᠎ᠠ᠃ ᠡᠨᠡ ᠵᠢᠯ ᠭᠤᠤᠯᠳᠠᠭᠤ ᠳᠣᠤᠷᠠᠬᠢ ᠲᠦᠷᠪᠡᠨ ᠲᠠᠯ᠎ᠠ ᠶᠢᠨ ᠠᠵᠢᠯ ᠢ ᠬᠢᠨ᠎ᠡ᠄         ᠨᠢᠭᠡ ᠳᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠬᠠᠷᠢᠯᠴᠠᠨ ᠣᠶᠠᠯᠳᠣᠭᠤᠯᠬᠤ ᠠᠷᠭ᠎ᠠ ᠮᠠᠶ᠋ᠢᠭ ᠢ ᠠᠪᠴᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ︽357︾ ᠠᠵᠢᠯ ᠤᠨ ᠬᠠᠤᠯᠢ ᠪᠠ ︽1456︾ ᠶᠢᠨ ᠰᠢᠮᠳᠠᠭᠤᠯᠤᠨ ᠵᠢᠯᠣᠭᠤᠳᠬᠤ ᠵᠠᠭᠪᠤᠷ ᠢ ᠯᠠᠪᠳᠠᠭᠤᠨ ᠪᠠᠲᠤᠲᠠᠶ ᠠᠬᠢᠭᠤᠯᠵᠣ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃         ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ᠶᠠᠳᠠᠭᠤ ᠠᠴᠠ ᠠᠩᠭᠢᠵᠢᠷᠠᠬᠤ︾ ᠠᠴᠠ ᠬᠠᠷᠢᠭᠤᠴᠠᠯᠭ᠎ᠠ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠬᠤ︾ ᠠᠴᠠ ᠲᠦᠷᠦ ᠶᠢᠨ ᠪᠤᠳᠤᠯᠭ᠎ᠠ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠭᠤᠯᠬᠤ︾ ᠠᠴᠠ ᠬᠠᠪᠰᠤᠷᠤᠨ ᠲᠡᠳᠬᠦᠬᠦ ᠪᠠᠨ ᠬᠠᠶᠠᠬᠤ ᠦᠭᠡᠢ᠂ ︽ᠶᠠᠳᠠᠭᠤ ᠠᠴᠠ ᠠᠩᠭᠢᠵᠢᠷᠠᠬᠤ︾ ᠠᠴᠠ ᠬᠢᠨᠠᠯᠲᠠ ᠬᠠᠮᠢᠶᠠᠷᠤᠯᠲᠠ ᠪᠠᠨ ᠬᠠᠶᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠶᠠᠳᠠᠭᠤ ᠠᠴᠠ ᠰᠡᠷᠭᠡᠶᠢᠯᠡᠵᠦ ᠪᠠᠲᠤᠯᠠᠬᠤ︾ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠶᠢ ᠢᠳᠡᠪᠬᠢᠲᠠᠢ ᠪᠠᠷ ᠬᠡᠷᠡᠭᠵᠢᠭᠦᠯᠵᠦ᠂ ᠡᠪᠡᠳᠴᠢᠨ ᠠᠴᠠ ᠪᠣᠯᠵᠣ᠂ ᠭᠠᠮᠰᠢᠭ ᠠᠴᠠ ᠪᠣᠯᠵᠣ᠂ ᠰᠤᠷᠤᠯᠭ᠎ᠠ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃         ᠭᠤᠷᠪᠠ ᠳᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 17 ᠵᠠᠰᠠᠭ ᠵᠠᠬᠢᠷᠭᠠᠨ ᠤ ᠲᠣᠰᠬᠤᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠤᠨ ᠪᠠᠶᠢᠳᠠᠯ ᠳᠠᠭᠠᠨ ᠳᠣᠭᠢᠷᠠᠭᠤᠯᠤᠨ᠂ ᠲᠤᠬᠠᠶ ᠶᠢᠨ ᠭᠠᠵᠠᠷ ᠤᠨ ᠭᠤᠤᠯᠯᠠᠬᠤ ᠳᠠᠪᠠᠭᠤᠯᠢᠭ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ︔ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠣᠷᠣᠯᠴᠠᠬᠤ ᠬᠡᠮᠵᠢᠶ᠎ᠡ ᠶᠢ ᠥᠷᠭᠡᠳᠬᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠳᠠᠭᠠᠭᠠᠮᠠᠭᠠᠶ ᠴᠢᠨᠠᠷ ᠢ ᠨᠡᠮᠡᠭᠳᠡᠭᠦᠯᠦᠨ᠎ᠡ᠃         ᠳᠥᠷᠪᠡ ᠳᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠣᠶᠤᠨ ᠤᠬᠠᠭᠠᠨ ᠬᠤᠶᠠᠷ ᠢ ᠲᠡᠳᠬᠦᠬᠦ ︽521︾ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠬᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠬᠥᠲᠥᠯᠥᠨ ᠵᠢᠯᠣᠭᠤᠳᠴᠤ᠂ ᠵᠣᠬᠢᠶᠠᠨ ᠪᠠᠶᠢᠭᠤᠯᠵᠤ᠂ ᠳᠡᠮᠵᠢᠬᠦ ᠬᠡᠷᠡᠭᠲᠡᠶ᠃         ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠪᠦᠬᠦ ᠲᠣᠭᠤᠷᠢᠭ ᠤᠨ ᠡᠯ᠎ᠡ ᠲᠣᠮᠣ ᠤᠳᠤᠷᠢᠳᠬᠤ ᠪᠠᠭ ᠪᠣᠯᠤᠨ ᠪᠥᠬᠦ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠡᠭᠦᠷᠭᠡᠯᠡᠵᠦ᠂ ᠨᠢᠭᠡ ᠯᠡ ᠠᠮᠢᠰᠬᠤᠭ᠎ᠠ ᠪᠠᠷ ᠬᠦᠴᠦᠯᠡᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠡᠷᠡᠰ ᠴᠢᠨᠠᠷ ᠰᠠᠶᠢᠲᠠᠶ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号