ᠪᠤᠭᠤᠲᠤ ᠬᠤᠲᠠ 2020 ᠣᠨ ᠳᠤ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠤᠲᠠ ᠶᠢᠨ ᠠᠷᠠᠳ ᠲᠤ ᠮᠡᠳᠡᠭᠦᠯᠤᠯᠲᠠ ᠬᠢᠵᠦ᠂ ᠬᠤᠲᠠ ᠶᠢᠨ ᠠᠷᠠᠳ ᠤᠨ ᠰᠠᠨᠠᠯ ᠢ ᠰᠣᠨᠣᠰᠴᠤ ᠬᠤᠲᠠ ᠶᠢᠨ ᠠᠷᠠᠳ ᠤᠨ ᠦᠨᠡᠯᠡᠯᠲᠡ ᠶᠢᠨ ᠠᠵᠢᠯᠯᠠᠭ᠎ᠠ ᠳᠤ ᠲᠠᠨ ᠤ ᠣᠷᠣᠯᠴᠠᠬᠤ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2020/12/15
       ᠬᠤᠳᠠ ᠶᠢᠨ ᠠᠷᠠᠳ ᠨᠠᠶᠢᠵᠠ ᠨᠠᠷ ᠠ᠄        ᠬᠤᠲᠠ ᠶᠢᠨ ᠠᠷᠠᠳ ᠤᠨ ᠰᠠᠨᠠᠯ ᠢ ᠭᠦᠢᠴᠡᠳ ᠰᠣᠨᠣᠰᠴᠤ᠂ ᠬᠤᠲᠠ ᠶᠢᠨ ᠠᠷᠠᠳ ᠤᠨ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢᠨ ᠲᠥᠯᠥᠭᠡ᠂ ᠡᠨᠡ ᠵᠢᠯ ᠮᠠᠨ ᠤ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠩᠬ᠎ᠠ ᠤᠳᠠᠭ᠎ᠠ ᠬᠤᠲᠠ ᠶᠢᠨ ᠠᠷᠠᠳ ᠲᠤ ᠮᠡᠳᠡᠭᠦᠯᠵᠦ᠂ ᠬᠤᠲᠠ ᠶᠢᠨ ᠠᠷᠠᠳ ᠤᠨ ᠰᠠᠨᠠᠯ ᠢ ᠰᠤᠨᠤᠰᠴᠤ᠂ ᠬᠤᠲᠠ ᠶᠢᠨ ᠠᠷᠠᠳ ᠲᠤ ᠦᠨᠡᠯᠡᠯᠲᠡ ᠬᠢᠬᠦ ᠠᠵᠢᠯᠯᠠᠭ᠎ᠠ ᠶᠢ ᠥᠷᠨᠢᠭᠦᠯᠵᠡᠶ᠃ ᠠᠵᠢᠯᠯᠠᠭ᠎ᠠ ᠶᠢᠨ ᠪᠡᠯᠡᠳᠬᠡᠯ ᠠᠵᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ 2021 ᠣᠨ ᠤ 1 ᠰᠠᠷ᠎ᠠ ᠶᠢᠨ ᠰᠢᠨᠡᠳ ᠢᠶᠠᠷ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠢ ᠭᠤᠷᠪᠠᠨ ᠲᠠᠯᠠᠪᠤᠷ ᠲᠥᠪᠯᠡᠷᠡᠭᠦᠯᠦᠨ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ ᠲᠤᠬᠠᠶ ᠶᠢᠨ ᠣᠶᠢᠶ᠎ᠠ ᠳᠤ ᠲᠣᠬᠢᠶᠠᠯᠳᠤᠯ ᠢᠶᠠᠷ ᠰᠣᠩᠭᠤᠨ ᠰᠣᠩᠭᠤᠬᠤ᠂ ᠵᠣᠬᠢᠶᠠᠨ ᠪᠠᠶᠢᠭᠤᠯᠤᠨ ᠲᠠᠨᠢᠯᠴᠠᠭᠤᠯᠬᠤ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠯᠠᠪᠠᠢ ᠪᠦᠷᠢ 2000 ᠬᠤᠳᠠ ᠶᠢᠨ ᠠᠷᠠᠳ ᠤᠨ ᠲᠥᠯᠥᠭᠡᠯᠡᠭᠴᠢ ᠶᠢ ᠲᠤᠬᠠᠢ ᠶᠢᠨ ᠲᠠᠯᠠᠪᠠᠢ ᠳᠤ ᠤᠷᠢᠨ ᠣᠷᠣᠯᠴᠠᠭᠤᠯᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠤ ᠦᠨᠡᠯᠡᠯᠲᠡ ᠬᠢᠵᠡᠢ᠃ ᠪᠥᠬᠦ ᠬᠤᠲᠠ ᠶᠢᠨ ᠥᠷᠭᠡᠨ ᠣᠯᠠᠨ ᠬᠤᠲᠠ ᠶᠢᠨ ᠠᠷᠠᠳ ᠪᠤᠭᠤᠲᠤ ᠶᠢᠨ ᠲᠧᠯᠸᠢᠰ ᠬᠤᠷᠢᠶ᠎ᠠ ᠶᠢᠨ ᠰᠣᠨᠢᠨ ᠮᠡᠳᠡᠭᠡᠨ ᠤ  ᠶᠡᠷᠦᠩᠬᠡᠶᠢᠯᠡᠭᠰᠡᠨ ᠰᠤᠪᠠᠭ᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠤᠨ ᠠᠬᠤᠶ ᠲᠠᠯᠠᠪᠠᠶ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠵᠦ ᠪᠣᠯᠤᠨ᠎ᠠ᠃        ᠲᠠ ᠪᠤᠭᠤᠲᠤ ᠬᠤᠲᠠ ᠶᠢᠨ ᠠᠷᠠᠳ ︵ᠪᠤᠭᠤᠲᠤ ᠬᠤᠲᠠ ᠶᠢᠨ ᠡᠷᠦᠬᠡ ᠠᠮᠠ ᠶᠢᠨ ᠳᠠᠩᠰᠠ ᠦᠭᠡᠢ ᠬᠥᠮᠦᠨ ᠪᠣᠯ ᠪᠤᠭᠤᠲᠤ ᠳᠤ ᠠᠵᠢᠯᠯᠠᠵᠤ᠂ ᠰᠤᠷᠤᠯᠴᠠᠵᠤ᠂ ᠠᠮᠢᠳᠤᠷᠠᠭᠠᠳ ᠨᠢᠭᠡ ᠵᠢᠯ ᠠᠴᠠ ᠳᠡᠭᠡᠭᠰᠢ ᠪᠣᠯᠵᠤ᠂ 18 ᠨᠠᠰᠤᠨ ᠠᠴᠠ ᠳᠡᠭᠡᠭᠰᠢ︶ ᠪᠣᠯ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵ᠰᠦᠯᠵᠢᠶᠡᠨ ᠤ ᠬᠠᠶ᠋ᠢᠭ᠄ http://www.baotou.gov.cn︶ ᠬᠤᠲᠠ ᠶᠢᠨ ᠠᠷᠠᠳ ᠲᠤ ᠮᠡᠳᠡᠭᠦᠯᠵᠦ ᠬᠤᠲᠠ ᠶᠢᠨ ᠠᠷᠠᠳ ᠤᠨ ᠰᠠᠨᠠᠯ ᠢ ᠰᠣᠨᠣᠰᠴᠤ ᠬᠤᠲᠠ ᠶᠢᠨ ᠠᠷᠠᠳ ᠤᠨ ᠦᠨᠡᠯᠡᠨ ᠶᠠᠷᠢᠯᠴᠠᠬᠤ ᠠᠵᠢᠯᠯᠠᠭᠠᠨ ᠤ ᠲᠠᠪᠴᠠᠩ ᠤᠨ ︽ᠬᠤᠲᠠ ᠶᠢᠨ ᠠᠷᠠᠳ ᠤᠨ ᠲᠥᠯᠥᠭᠡᠯᠡᠭᠴᠢ ᠨᠡᠷ᠎ᠡ ᠮᠡᠳᠡᠭᠦᠯᠬᠦ︾ ᠴᠥᠷᠬᠡᠯᠡᠭᠡ ᠪᠤᠶᠤ ᠳᠣᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠨᠡᠷ᠎ᠡ ᠮᠡᠳᠡᠭᠦᠯᠦᠨ᠎ᠡ᠃        ᠨᠡᠷ᠎ᠡ ᠮᠡᠳᠡᠭᠦᠯᠬᠦ ᠬᠤᠭᠤᠴᠠᠭ᠎ᠠ ᠨᠢ 12 ᠰᠠᠷ᠎ᠠ ᠶᠢᠨ 15 ᠤ ᠡᠳᠦᠷ ᠪᠣᠯᠤᠨ᠎ᠠ᠂ ᠬᠤᠲᠠ᠂ ᠲᠣᠭᠤᠷᠢᠭ ︵ᠬᠤᠰᠢᠭᠤ᠂ ᠰᠢᠶᠠᠨ︶ ᠬᠤᠶᠠᠷ ᠱᠠᠲᠤᠨ ᠤ ᠠᠵᠢᠯᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠨᠡᠷ᠎ᠡ ᠮᠡᠳᠡᠭᠦᠯᠦᠭᠰᠡᠨ ᠬᠤᠲᠠ ᠶᠢᠨ ᠠᠷᠠᠳ ᠤᠨ ᠳᠤᠮᠳᠠ ᠠᠴᠠ 225 ᠨᠡᠷᠡᠰ ᠬᠤᠲᠠ ᠶᠢᠨ ᠠᠷᠠᠳ ᠤᠨ ᠲᠦᠯᠦᠭᠡᠯᠡᠭᠴᠢ ᠶᠢ ᠲᠣᠬᠢᠶᠠᠯᠳᠤᠯ ᠢᠶᠠᠷ ᠰᠣᠩᠭᠤᠵᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠠᠵᠢᠯᠯᠠᠭ᠎ᠠ  ᠡᠬᠢᠯᠡᠬᠦ ᠠᠴᠠ ᠨᠢᠭᠡ ᠭᠠᠷᠠᠭ ᠤᠨ ᠡᠮᠦᠨ᠎ᠡ ᠬᠤᠲᠠ ᠶᠢᠨ ᠠᠷᠠᠳ ᠤᠨ ᠲᠥᠯᠥᠭᠡᠯᠡᠭᠴᠢ ᠳᠤ ᠮᠡᠳᠡᠭᠳᠡᠨ᠎ᠡ᠃

   

       ᠲᠠᠨ ᠤ ᠢᠳᠡᠪᠬᠢᠲᠡᠢ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠢᠨ᠎ᠠ︕

       ᠲᠠᠨ ᠤ ᠣᠷᠣᠯᠴᠠᠭ᠎ᠠ ᠪᠠ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠢᠨ᠎ᠠ︕

       

       ᠪᠤᠭᠤᠲᠤ ᠬᠤᠲᠠ 2020 ᠣᠨ ᠳᠤ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ

ᠬᠤᠲᠠ ᠶᠢᠨ ᠠᠷᠠᠳ ᠲᠤ ᠮᠡᠳᠡᠭᠦᠯᠪᠡ

       ᠬᠤᠲᠠ ᠶᠢᠨ ᠠᠷᠠᠳ ᠤᠨ ᠰᠠᠨᠠᠯ ᠢ ᠰᠣᠨᠣᠰᠴᠤ ᠬᠤᠲᠠ ᠶᠢᠨ ᠠᠷᠠᠳ ᠤᠨ ᠦᠨᠡᠯᠡᠨ ᠶᠠᠷᠢᠯᠴᠠᠬᠤ

ᠬᠥᠳᠡᠯᠭᠡᠭᠡᠨ ᠤ ᠬᠠᠮᠲᠤᠷᠠᠭᠰᠠᠨ ᠬᠤᠷᠠᠯ ᠤᠨ ᠠᠯᠪᠠᠨ ᠭᠡᠷ

        ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ︶

       2020 ᠣᠨ ᠤ 12 ᠰᠠᠷ᠎ᠠ ᠶᠢᠨ 7 ᠤ ᠡᠳᠦᠷ

 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号