ᠰᠢᠭᠤᠶᠢᠲᠤ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ  ᠵᠦᠢᠯ ᠤᠨ ᠦᠰᠦᠭ ᠪᠢᠴᠢᠭ ᠢ ᠵᠡᠷᠭᠡᠪᠡᠢ ᠬᠡᠷᠡᠭᠯᠡᠬᠦ ︽ᠵᠢᠷᠤᠮᠵᠢᠯ ᠤᠨ ᠤᠨ︾᠎ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/16
       ᠮᠠᠨ ᠤ ᠲᠣᠭᠤᠷᠢᠭ ᠤᠨ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ︽ᠵᠢᠷᠤᠮᠵᠢᠯ ᠤᠨ ᠤᠨ︾᠎ ᠤ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 11᠎ ᠤ ᠡᠳᠦᠷ᠂ ᠰᠢᠭᠤᠶᠢᠲᠤ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠰᠢᠭᠤᠶᠢᠲᠤ ᠰᠢᠨ᠎ᠡ ᠲᠣᠭᠤᠷᠢᠭ ᠤᠨ ᠬᠤᠳᠠᠯᠳᠤᠭᠠᠨ ᠤ ᠫᠠᠶᠢᠰᠠ ᠢᠯᠡᠷᠬᠡᠶᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠪᠡ᠃
       ᠪᠠᠶᠢᠴᠠᠭᠠᠯᠲᠠ ᠶᠢᠨ ᠳᠤᠮᠳᠠ᠂ ᠫᠠᠶᠢᠰᠠ ᠢᠯᠡᠷᠬᠡᠶᠢᠯᠡᠯ ᠤᠨ ᠮᠣᠩᠭᠤᠯ ᠥᠰᠥᠭ ᠤᠨ ᠪᠤᠷᠤᠭᠤ ᠥᠰᠥᠭ᠂ ᠪᠤᠷᠤᠭᠤ ᠣᠷᠴᠢᠭᠤᠯᠤᠭᠰᠠᠨ᠂ ᠶᠡᠭᠡ ᠪᠠᠭ᠎ᠠ ᠬᠠᠷᠢᠴᠡᠯ ᠨᠢ ᠲᠡᠩᠴᠡᠭᠦᠷᠢ ᠪᠠᠨ ᠠᠯᠳᠠᠭᠰᠠᠨ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ  ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠣᠨᠴᠠ ᠵᠠᠷᠢᠮ ᠳᠡᠯᠭᠡᠭᠦᠷ ᠤᠨ ᠡᠯᠰᠡᠯᠲᠡ ᠳᠤ ᠮᠣᠩᠭᠤᠯ ᠬᠡᠯᠡᠨ ᠤ ᠭᠡᠭᠡᠭᠳᠡᠯ ᠪᠠ ᠵᠢᠭᠰᠠᠭᠠᠬᠤ ᠠᠰᠠᠭᠤᠳᠠᠯ ᠣᠷᠣᠰᠢᠵᠤ ᠪᠠᠶᠢᠭ᠎ᠠ ᠬᠤᠳᠠᠯᠳᠤᠭᠠᠴᠢᠳ ᠲᠤ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠪᠠ᠃
       ᠬᠤᠶᠢᠰᠢᠳᠠ᠂ ᠰᠢᠭᠤᠶᠢᠲᠤ ᠲᠣᠭᠤᠷᠢᠭ ᠤᠨ ᠬᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠣᠶᠣᠯ ᠤᠨ ᠣᠨᠴᠠᠯᠢᠭ ᠢ ᠭᠦᠨᠵᠡᠭᠡᠶ ᠢᠯᠡᠷᠡᠭᠦᠯᠵᠦ᠂ ᠦᠨᠳᠦᠰᠦᠲᠡ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂  ᠨᠡᠶᠢᠭᠡᠮ ᠤᠨ ᠬᠥᠭᠵᠢᠯᠲᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤᠮᠳᠠᠬᠢ ᠮᠣᠩᠭᠤᠯ ᠬᠡᠯᠡ ᠪᠢᠴᠢᠭ ᠤᠨ ᠬᠡᠷᠡᠭᠯᠡᠯᠲᠡ ᠶᠢᠨ ᠢᠳᠡᠪᠬᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃
 
ᠢᠷᠡᠯᠲᠡ᠄ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号